ᠵᠣᠣ ᠹᠧᠢ ᠫᠧᠩ ᠠᠵᠤ ᠠᠬᠤᠶᠢᠯᠠᠯ ᠢᠶᠠᠷ ᠬᠦᠨᠵᠡᠬᠡᠶᠢᠷᠡᠵᠦ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/21
  10 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠰᠢᠯᠢ ᠶᠢᠨ ᠭᠤᠣᠯ ᠠᠶᠢᠮᠠᠭ ᠤᠨ ᠰᠢᠨ ᠭᠠᠩ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠧ ᠲᠢᠶᠠᠨ ᠰᠢᠶᠠ  ᠰᠦᠯᠢᠶᠤᠤ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠠᠩ ᠾᠧ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠩ ᠯᠢ ᠤᠶᠤᠨᠴᠢ ᠲᠥᠬᠦᠭᠡᠷᠦᠮᠵᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠦᠸᠧ ᠶᠤᠸᠠᠨ ᠵᠢᠩ ᠮᠧᠩ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂  ᠪᠤᠳᠠᠰ ᠤᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ᠂ ᠵᠢᠵᠢᠭ ᠲᠠᠸᠠᠷ ᠤᠨ ᠠᠵᠤ ᠦᠢᠯᠡᠰ ᠤᠨ ᠬᠦᠷᠢᠶᠡᠯᠡᠩ ᠳᠤ ᠬᠦᠨᠵᠡᠬᠡᠶᠢᠷᠡᠵᠦ  ᠪᠠᠶᠢᠴᠠᠭᠠᠨ ᠰᠤᠳᠤᠯᠤᠯᠲᠠ ᠬᠢᠵᠡᠢ᠃ ᠬᠤᠰᠢᠭᠤᠨ ᠤ ᠤᠳᠤᠷᠢᠳᠤᠯᠭ᠎ᠠ ᠵᠣᠣ ᠬᠠᠢ ᠯᠢ᠂ ᠮᠠ ᠵᠥᠩ ᠰᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ᠵᠤᠤ ᠹᠧᠢ ᠫᠧᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠬ᠂ ᠲᠦᠷᠦᠯ ᠵᠦᠢᠯ ᠤᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ ᠵᠡᠷᠭᠡ ᠶᠢ ᠨᠠᠷᠢᠨ ᠨᠢᠮᠪᠠᠢ ᠪᠠᠶᠢᠴᠠᠭᠠᠨ ᠦᠵᠡᠵᠦ᠂  ᠦᠢᠯᠡᠳᠪᠦᠷᠢᠯᠡᠯ ᠤᠨ ᠦᠷ᠎ᠡ ᠠᠰᠢᠭ᠂ ᠮᠡᠷᠭᠡᠵᠢᠯ ᠤᠨ ᠰᠢᠨ᠎ᠡ ᠶᠢ ᠡᠭᠦᠳᠬᠦ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠢᠴᠢ ᠠᠶᠤᠯᠭᠦᠢ ᠦᠢᠯᠡᠳᠪᠦᠷᠢᠯᠡᠯ᠂ ᠬᠢᠵᠢᠭ ᠰᠡᠷᠭᠡᠶᠢᠯᠡᠯᠳᠡ ᠵᠡᠷᠭᠡ ᠠᠵᠢᠯ ᠤᠨ ᠪᠠᠶᠢᠳᠠᠯ ᠢ  ᠠᠰᠠᠭᠤᠨ ᠯᠠᠪᠯᠠᠭᠰᠠᠨ ᠪᠠᠶᠢᠨ᠎ᠠ᠃ ᠵᠣᠣ ᠹᠧᠢ ᠫᠧᠩ  ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ   ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ   ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠶᠢᠯᠠᠯ   ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠤᠳ ᠨᠢ ᠵᠠᠬ᠎ᠠ ᠳᠡᠯᠭᠡᠭᠦᠷ ᠤᠨ ᠬᠡᠷᠡᠭᠴᠡᠭᠡ ᠳᠤ ᠢᠳᠡᠪᠬᠢᠲᠡᠢ ᠪᠠᠷ ᠵᠣᠬᠢᠴᠠᠵᠤ᠂ ᠲᠤᠰ ᠪᠡᠶ᠎ᠡ ᠶᠢᠨ ᠳᠠᠪᠠᠭᠤᠯᠢᠭ ᠪᠠ ᠢᠷᠡᠭᠡᠳᠦᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠨ᠂ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢᠶᠠᠨ ᠲᠠᠰᠤᠷᠠᠯᠳᠠ ᠦᠭᠡᠢ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠨ᠂ ᠦᠢᠯᠡᠳᠪᠦᠷᠢᠯᠡᠯ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠᠨ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂  ᠠᠶᠤᠯ ᠭᠡᠮ ᠢ ᠪᠥᠬᠦ ᠬᠦᠴᠦᠨ ᠢᠶᠠᠷ ᠰᠡᠷᠭᠡᠶᠢᠯᠡᠨ ᠠᠷᠢᠯᠭᠠᠵᠤ᠂  ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠣᠭᠲᠠᠭᠤᠨ ᠣᠷᠴᠢᠨ ᠨᠦᠬᠦᠴᠡᠯ ᠢ ᠪᠣᠶ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号