ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵103 ᠲᠣᠭᠠᠲᠤ︶
ᠨᠡᠶᠢᠲᠡᠯᠡᠭᠰᠡᠨ ᠴᠠᠭ᠄
2022/10/21
    10 ᠰᠠᠷ᠎ᠠ ᠶᠢᠨ 19 ᠤ ᠡᠳᠦᠷ᠂ ᠰᠢᠯᠢ ᠶᠢᠨ ᠬᠤᠲᠠ  ᠳᠤ  ᠪᠦᠬᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠨᠢ ᠠᠷᠭ᠎ᠠ ᠴᠢᠨᠠᠷᠲᠠᠢ 1 ᠬᠥᠮᠥᠨ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠤᠶᠢᠯ ᠤᠨ   ᠲᠦᠪᠡᠭ ᠪᠤᠳᠤᠯᠢᠶᠠᠨᠲᠠᠢ ᠪᠠᠶᠢᠨ᠎ᠠ᠃ ᠮᠠᠨ ᠤ ᠬᠤᠰᠢᠭᠤᠨ ᠤ ᠪᠠᠨ ᠬᠢᠵᠢᠭ  ᠰᠡᠷᠭᠡᠶᠢᠯᠡᠬᠦ ᠠᠵᠢᠯ ᠢ  ᠰᠠᠶᠢᠨ  ᠬᠢᠬᠦ ᠶᠢᠨ ᠲᠤᠰᠠᠳᠠ᠂  ᠬᠤᠯᠪᠤᠭᠳᠠᠬᠤ ᠤᠴᠢᠷ ᠢ ᠳᠣᠣᠷᠠᠬᠢ ᠮᠡᠲᠦ  ᠮᠡᠳᠡᠭᠳᠡᠰᠦᠭᠡᠢ᠄      ᠨᠢᠭᠡ᠂ 10  ᠰᠠᠷ᠎ᠠ ᠶᠢᠨ 16 ᠤ ᠡᠳᠦᠷ ᠠᠴᠠ ᠨᠠᠰᠢ ᠰᠢᠯᠢ ᠶᠢᠨ ᠬᠤᠲᠠ ᠠᠴᠠ ᠮᠠᠨ ᠤ ᠬᠤᠰᠢᠭᠤᠨ ᠳᠤ ᠢᠷᠡᠭᠰᠡᠨ ᠬᠥᠮᠥᠰ  ᠡᠷᠭᠡᠪᠰᠢ ︽7 ᠡᠳᠦᠷ  ᠭᠡᠷ ᠲᠡᠭᠡᠨ ᠲᠤᠰᠠᠭᠠᠷᠯᠠᠬᠤ + 1᠂ 2᠂ 3᠂ 5᠂ 7  ᠳ᠋ᠤᠭᠠᠷ ᠡᠳᠦᠷ ᠲᠤ ᠪᠦᠬᠡᠮ ᠬᠦᠴᠢᠯ ᠤᠨ ᠪᠠᠶᠢᠴᠠᠭᠠᠯᠳᠠ ᠬᠢᠬᠦ︾  ᠠᠷᠭ᠎ᠠ ᠶᠢ ᠨᠠᠶᠢᠳᠠᠪᠤᠷᠢᠵᠢᠭᠤᠯᠤᠨ᠎ᠠ ︵ᠪᠤᠴᠠᠵᠤ ᠢᠷᠡᠭᠰᠡᠨ ᠡᠳᠦᠷ ᠠᠴᠠ ᠡᠬᠢᠯᠡᠵᠦ ᠪᠤᠳᠤᠨ᠎ᠠ︶  ᠃  ᠮᠦᠨ ᠦᠨᠦᠳᠦᠷ ᠠᠴᠠ ᠡᠬᠢᠯᠡᠭᠡᠳ ᠮᠠᠨ ᠤ ᠬᠤᠰᠢᠭᠤᠨ ᠳᠤ ᠢᠷᠡᠭᠰᠡᠨ ᠰᠢᠯᠢᠩᠬᠤᠲᠠ ᠶᠢᠨ ᠬᠥᠮᠥᠰ  ︽7 ᠡᠳᠦᠷ  ᠲᠥᠪᠯᠡᠷᠡᠭᠦᠯᠦᠨ ᠲᠤᠰᠠᠭᠠᠷᠯᠠᠬᠤ + 1᠂ 2᠂ 3᠂ 5᠂ 7  ᠳ᠋ᠤᠭᠠᠷ ᠡᠳᠦᠷ ᠲᠤ ᠪᠦᠬᠡᠮ ᠬᠦᠴᠢᠯ ᠤᠨ ᠪᠠᠶᠢᠴᠠᠭᠠᠯᠳᠠ ᠬᠢᠬᠦ︾   ᠠᠷᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠤ ᠬᠢᠨ  ᠪᠠᠶᠢᠴᠠᠭᠠᠯᠳᠠ ᠶᠢᠨ ᠠᠵᠢᠯ ᠢ ᠳᠠᠷᠤᠶᠢᠬᠠᠨ ᠥᠷᠨᠢᠭᠦᠯᠵᠦ᠂   ᠭᠡᠭᠡᠭᠳᠡᠵᠦ  ᠤᠷᠬᠢᠭᠳᠠᠬᠤ ᠦᠵᠡᠭᠳᠡᠯ ᠭᠠᠷᠬᠤ  ᠶᠢ ᠡᠷᠡᠰ ᠬᠤᠷᠢᠭᠯᠠᠬᠤ ᠬᠡᠷᠡᠭᠲᠡᠢ᠃      ᠬᠤᠶᠠᠷ᠂ 10  ᠰᠠᠷ᠎ᠠ ᠶᠢᠨ 16 ᠤ ᠡᠳᠦᠷ ᠠᠴᠠ ᠨᠠᠰᠢ ᠰᠢᠯᠢ ᠶᠢᠨ ᠬᠤᠲᠠ ᠠᠴᠠ ᠢᠷᠡᠭᠰᠡᠳ ᠡᠷᠬᠡᠪᠰᠢ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠳᠤ ᠮᠡᠳᠡᠭᠦᠯᠦᠨ ᠳᠠᠩᠰᠠᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠳᠡᠬᠦ ᠬᠡᠷᠡᠭᠲᠡᠢ᠃ ᠡᠯ᠎ᠡ ᠵᠠᠮ ᠬᠠᠷᠢᠯᠴᠠᠭᠠᠨ ᠤ ᠪᠤᠭᠤᠮᠳᠠ ᠪᠠ ᠮᠠᠰᠢᠨ ᠲᠡᠷᠭᠡᠨ ᠤ ᠥᠷᠲᠡᠭᠡ  ᠨᠢ 48 ᠴᠠᠭ ᠤᠨ ᠲᠤᠳᠤᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠨᠢᠮᠪᠠᠢ ᠪᠠᠶᠢᠴᠠᠭᠠᠨ ᠰᠢᠯᠭᠠᠵᠤ᠂ ᠺᠣᠳ᠋ ᠰᠢᠷᠪᠢᠵᠦ  ᠲᠠᠩᠰᠠᠯᠠᠬᠤ ᠵᠢᠴᠢ ︽ ᠪᠠᠭᠤᠭᠰᠠᠨ ᠭᠠᠵᠠᠷ ᠲᠤᠨᠢ ᠪᠠᠶᠢᠴᠠᠭᠠᠬᠤ︾ ᠵᠡᠷᠭᠡ ᠠᠵᠢᠯ ᠢ ᠰᠠᠶᠢᠨ ᠬᠢᠬᠦ ᠬᠡᠷᠡᠭᠲᠡᠢ᠃ ᠬᠢᠵᠢᠭ  ᠰᠡᠷᠭᠡᠶᠢᠯᠡᠬᠦ  ᠠᠵᠢᠯ ᠳᠤ ᠬᠠᠮᠵᠢᠯᠴᠠᠬᠤ  ᠦᠬᠡᠢ ᠂  ᠮᠡᠳᠡᠭᠦᠯᠵᠦ ᠲᠠᠩᠰᠠᠯᠠᠭᠤᠯᠬᠤ ᠦᠭᠡᠢ ᠪᠤᠶᠤ  ᠨᠢᠭᠤᠵᠤ ᠲᠠᠷᠤᠭᠰᠠᠨ  ᠂  ᠬᠤᠳᠠᠯ ᠢᠶᠠᠷ ᠮᠡᠳᠡᠬᠦᠯᠦᠭᠰᠡᠨ᠂   ᠪᠠᠶᠢᠴᠠᠭᠠᠯᠲᠠ ᠠᠴᠠ ᠲᠤᠳᠠᠭᠠᠵᠤ ᠵᠠᠶᠢᠯᠠᠭᠰᠠᠨ᠂  ᠰᠡᠷᠭᠡᠶᠢᠯᠡᠨ ᠡᠵᠡᠮᠳᠡᠬᠦ ᠠᠷᠭ᠎ᠠ  ᠲᠦᠷᠢᠮ   ᠢ ᠬᠡᠷᠡᠭᠵᠢᠭᠦᠯᠬᠦ   ᠶᠢ ᠲᠡᠪᠴᠢᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ ᠶᠠᠯᠠᠯᠠᠨ ᠰᠢᠳᠬᠡᠨ᠎ᠡ᠂ ᠬᠦᠨᠳᠦ ᠨᠣᠴᠢᠲᠠᠢ  ᠦᠷ᠎ᠡ ᠨᠦᠯᠦᠭᠡ ᠭᠠᠷᠭᠠᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ  ᠂ ᠣᠯᠠᠨ ᠨᠡᠶᠢᠲᠡ ᠶᠢᠨ ᠲᠠᠯᠠᠪᠤᠷ ᠨᠢ  ᠬᠠᠯᠠᠭᠤᠨ  ᠢ ᠬᠡᠮᠵᠢᠬᠦ᠂ ᠠᠮᠠᠪᠴᠢ ᠵᠡᠭᠦᠬᠦ᠂  ᠠᠷᠢᠭᠤᠳᠬᠠᠯ ᠬᠢᠬᠦ᠂ ᠨᠢᠭᠡ ᠮᠧᠲᠷ ᠤᠨ  ᠠᠶᠤᠯᠬᠦᠢ ᠵᠠᠢ ᠠᠪᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠠᠯᠠᠪᠤᠷ ᠲᠤ ᠣᠷᠣᠭᠰᠠᠨ ᠪᠦᠬᠦᠶᠢᠯᠡ ᠬᠥᠮᠥᠰ ᠡᠷᠬᠡᠪᠰᠢ  ︽ᠰᠢᠯᠢ ᠶᠢᠨ ᠡᠷᠡᠭᠦᠯ   ᠤᠨ ᠴᠤᠬᠤᠷ︾   ᠢ ᠰᠢᠷᠪᠢᠨ ᠦᠨᠡᠨ ᠨᠡᠷ᠎ᠡ ᠪᠠᠷ ᠢᠶᠠᠨ  ᠲᠠᠩᠰᠠᠯᠠᠬᠤ ᠶᠢᠨ ᠬᠠᠮᠳᠤ ᠲᠠᠯᠠᠪᠤᠷ ᠤᠨ ᠺᠤᠳ᠋ ᠢ ᠰᠢᠷᠪᠢᠵᠦ ᠳᠠᠩᠰᠠᠯᠠᠭᠤᠯᠬᠤ ᠬᠡᠷᠡᠭᠲᠡᠢ  ᠃ ᠬᠡᠷᠪᠡ 10 ᠰᠠᠷ᠎ᠠ ᠶᠢᠨ 16 ᠤ ᠡᠳᠦᠷ ᠠᠴᠠ ᠨᠠᠰᠢ ᠰᠢᠯᠢ ᠶᠢᠨ ᠬᠤᠳᠠ ᠠᠴᠠ ᠢᠷᠡᠭᠰᠡᠨ ᠬᠥᠮᠥᠰ ᠢ ᠣᠯᠵᠤ ᠮᠡᠳᠡᠪᠡᠯ᠂ ᠴᠠᠭ ᠲᠤᠬᠠᠢ ᠳᠤᠨᠢ ᠮᠡᠳᠡᠭᠦᠯᠬᠦ ᠶᠢᠨ ᠬᠠᠮᠲᠤ ᠠᠵᠢᠯᠳᠠᠳ ᠤᠨ ᠢᠶᠠᠨ  ᠡᠷᠡᠭᠦᠯ ᠮᠡᠨᠳᠦ ᠶᠢᠨ ᠬᠢᠨᠠᠯᠳᠠ ᠶᠢ  ᠰᠠᠶᠢᠨ ᠬᠢᠬᠦ ᠬᠡᠷᠡᠭᠲᠡᠢ᠃  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠷᠭ᠎ᠠ ᠲᠦᠷᠢᠮ ᠢ  ᠭᠡᠷᠡᠭᠵᠢᠬᠦᠯᠦᠭᠰᠡᠨ ᠦᠬᠡᠢ ᠡᠵᠡᠩᠨᠡᠯᠲᠡ ᠶᠢᠨ ᠲᠠᠯᠠᠪᠤᠷ ᠪᠠᠶᠢᠪᠠᠯ ᠠᠵᠢᠯ ᠢ ᠨᠢ ᠵᠣᠭᠰᠣᠭᠠᠵᠤ ᠴᠡᠭᠴᠡᠯᠡᠬᠦ ᠬᠡᠷᠡᠭᠲᠡᠢ᠃    ᠳᠥᠷᠪᠡ᠂ ᠥᠷᠭᠡᠨ ᠣᠯᠠᠨ ᠰᠠᠭᠤᠭᠠᠯᠢ ᠠᠷᠠᠳ ᠨᠢᠬᠡᠪᠦᠷᠢ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠨ ᠬᠢᠵᠦ᠂ ᠠᠮᠠᠪᠴᠢ ᠵᠡᠭᠦᠬᠦ ᠪᠠᠨ ᠲᠦᠷᠢᠮᠵᠢᠬᠦᠯᠦᠨ᠂  ᠨᠡᠶᠢᠭᠡᠮ ᠤᠨ ᠬᠠᠷᠢᠯᠴᠠᠭᠠᠨ ᠤ ᠠᠶᠤᠯᠬᠦᠢ ᠵᠠᠢ ᠶᠢ ᠪᠠᠲᠤᠯᠠᠵᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠢ ᠴᠢᠬᠤᠯᠠᠴᠢᠯᠠᠨ᠂ ᠥᠪᠡᠷ ᠤᠨ ᠪᠡᠶ᠎ᠡ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠰᠠᠶᠢᠨ ᠠᠩᠬᠠᠷᠬᠤ ᠬᠡᠷᠡᠭᠲᠡᠢ  ᠃ ᠭᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠰᠠᠭᠤᠯᠭᠠᠬᠤ᠂  ᠦᠨᠦᠷᠯᠡᠬᠦ ᠰᠡᠷᠡᠯ ᠮᠠᠭᠤᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠢ ᠳᠤᠨᠢ  ᠬᠤᠰᠢᠭᠤ ᠡᠮᠨᠡᠯᠭᠡ ᠶᠢᠨ ᠬᠤᠷᠢᠶ᠎ᠠ ᠳᠤ ᠬᠦᠷᠴᠦ ᠡᠮᠨᠡᠭᠦᠯᠬᠦ ᠶᠢᠨ ᠬᠠᠮᠲᠤ ᠶᠠᠪᠤᠵᠤ ᠰᠠᠭᠤᠭᠰᠠᠨ ᠵᠠᠮ ᠮᠦᠷ ᠤᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠳᠡᠬᠦ ᠬᠡᠷᠡᠭᠲᠡᠢ᠃     ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665     ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675     ᠪᠤᠤᠴᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227     ᠵᠢᠶᠠᠨ ᠰᠢᠩ ᠨᠡᠶᠢᠭᠡᠮ ᠲᠣᠭᠤᠷᠢᠭ᠄ 13644792511     ᠪᠦᠦ ᠹᠧᠩ ᠨᠡᠶᠢᠭᠡᠮ ᠲᠣᠭᠤᠷᠢᠭ  ᠄ 13947930729     ᠨᠠᠨ ᠵᠢᠶᠣᠣ ᠨᠡᠶᠢᠭᠡᠮ ᠲᠣᠭᠤᠷᠢᠭ᠄ 18847938988     ᠰᠢᠨ ᠬᠤᠸᠠ ᠨᠡᠶᠢᠬᠡᠮ ᠲᠣᠭᠤᠷᠢᠭ᠄ 13947395770     ᠲᠠᠢ ᠫᠢᠩ ᠨᠡᠶᠢᠭᠡᠮ ᠲᠣᠭᠤᠷᠢᠭ᠄ 15849930009     ᠳ᠋ᠦᠩ ᠵᠢᠶᠣᠣ ᠨᠡᠶᠢᠭᠡᠮ ᠲᠣᠭᠤᠷᠢᠭ᠄ 13947966967     ᠬᠦᠨᠪᠤᠯᠠᠭ ᠰᠤᠮᠤᠨ ᠤ ᠵᠢᠵᠢᠭᠦᠷᠯᠡᠬᠦ ᠤᠲᠠᠰᠤ᠄ 0479 ︱ 5887015    13234794613     ᠴᠢᠶᠠᠨ ᠶᠢᠨ ᠭᠧᠦ ᠪᠠᠯᠭᠠᠰᠤᠨ ᠤ ᠵᠢᠵᠢᠭᠦᠷᠯᠡᠬᠦ ᠤᠲᠠᠰᠤ᠄ 0479-2265514     15249535203     ᠬᠤᠩ ᠴᠢ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5823064     ᠯᠦᠸᠧ ᠲᠦᠸᠧ ᠱᠠᠨ ᠪᠠᠯᠭᠠᠰᠤᠨ ᠤ ᠵᠢᠵᠢᠭᠦᠷᠯᠡᠬᠦ ᠤᠲᠠᠰᠤ᠄ 0479 ︱ 5855017     ᠶᠦᠩ ᠹᠧᠩ ᠪᠠᠯᠭᠠᠰᠤᠨ ᠤ ᠵᠢᠵᠢᠭᠦᠷᠯᠡᠬᠦ ᠤᠲᠠᠰᠤ᠄ 0479-2265106    ᠰᠢᠩ ᠹᠦ᠋ ᠰᠢᠶᠠᠩ ᠤᠨ ᠵᠢᠵᠢᠭᠦᠷᠯᠡᠬᠦ ᠤᠲᠠᠰᠤ᠄ 0479-589968   15547956376                                      ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                                                                       2022 ᠣᠨ ᠤ 10 ᠰᠠᠷ᠎ᠠ ᠶᠢᠨ 20 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号