ᠲᠠᠶᠢᠹᠤᠰᠧ ᠬᠤᠰᠢᠭᠤ ᠠᠶᠢᠮᠠᠭ  ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠭᠰᠡᠨ
ᠨᠡᠶᠢᠲᠡᠯᠡᠭᠰᠡᠨ ᠴᠠᠭ᠄
2022/10/24
 10 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠠᠶᠢᠮᠠᠭ ᠤᠨ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ   ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠨᠢᠭᠡᠳᠦᠭᠡᠷ ᠱᠠᠭᠠᠷᠳᠠᠨ ᠪᠠᠶᠢᠴᠠᠭᠠᠬᠤ ᠳᠤᠭᠤᠶᠢᠯᠠᠩ ᠳᠤ ᠬᠠᠷᠢᠭᠤ ᠮᠡᠳᠡᠬᠦᠯᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠳᠡᠳ᠋ ᠳᠠᠷᠤᠭ᠎ᠠ ᠵᠢᠶᠠ ᠵᠧᠨ ᠳ᠋ᠦᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠬᠤᠷᠠᠯ ᠳᠤ ᠣᠷᠣᠯᠴᠠᠵᠠᠢ᠃  ᠱᠠᠭᠠᠷᠳᠠᠨ ᠪᠠᠶᠢᠴᠠᠭᠠᠬᠤ ᠳᠤᠭᠤᠶᠢᠯᠠᠩ ᠠᠴᠠ  ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠤᠯᠤᠰ ᠣᠷᠣᠨ ᠠᠶᠢᠮᠠᠭ ᠤᠨ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠦᠷᠨᠢᠬᠦᠯᠦᠭᠡᠳ ᠢᠯᠡᠷᠬᠡᠢ ᠦᠷ᠎ᠡ ᠠᠮᠵᠢᠯᠳᠠ  ᠤᠯᠵᠠᠢ᠂  ᠬᠡᠬᠦ ᠳᠡᠭᠡᠨ ᠪᠠᠰᠠ ᠵᠣᠬᠢᠬᠤ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠃  ᠲᠠᠶᠢᠹᠤᠰᠧ ᠬᠤᠰᠢᠭᠤᠨ ᠤ ᠬᠢᠨ ᠦᠷᠬᠦᠯᠵᠢᠯᠡᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠵᠢᠯ ᠤᠨ ᠠᠷᠭ᠎ᠠ ᠬᠡᠮᠵᠢᠶ᠎ᠡ ᠶᠢ ᠨᠢᠮᠪᠠᠢ  ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ  ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠬᠦᠰᠡᠵᠦ ᠪᠠᠶᠢᠨ᠎ᠠ ᠬᠡᠪᠡ᠃ ᠴᠧᠨ ᠶᠠᠨ ᠪᠦᠦ ᠢᠯᠡᠷᠬᠡᠶᠢᠯᠡᠬᠦ ᠳᠡᠭᠡᠨ᠂ ᠲᠠᠶᠢᠹᠤᠰᠧ ᠬᠤᠰᠢᠭᠤᠨ ᠤ   ᠬᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠪᠦᠬᠦᠨ ᠢ ᠭᠥᠯᠢᠶᠡᠨ ᠠᠪᠴᠤ᠂ ᠬᠠᠮᠤᠭ ᠤᠨ ᠰᠢᠭᠤᠷᠬᠠᠢ ᠣᠪᠣᠷ᠂ ᠬᠠᠮᠤᠭ ᠤᠨ ᠲᠤᠰᠠᠳᠠᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠨ᠂ ︽ᠳᠥᠷᠪᠡ ᠶᠢ ᠥᠯᠥ ᠲᠠᠶᠠᠭᠳᠠᠬᠤ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ  ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠵᠡᠢ᠃ ᠬᠤᠷᠠᠯ ᠳᠡᠭᠡᠷ᠎ᠡ᠂  ᠳᠡᠳ᠋  ᠬᠤᠰᠢᠭᠤ ᠳᠠᠷᠤᠭ᠎ᠠ ᠯᠢ ᠵᠠᠨ ᠪᠦᠦ  ᠲᠠᠶᠢᠹᠤᠰᠧ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ   ᠢ ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ  ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠠᠶᠢᠮᠠᠭ ᠤᠨ ᠶᠠᠳᠠᠭᠤ   ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠤᠯᠳᠠ  ᠶᠢᠨ ᠦᠷ᠎ᠡ ᠪᠦᠲᠦᠭᠡᠯ   ᠢ ᠪᠠᠬᠢᠵᠢᠭᠦᠯᠦᠨ ᠦᠷᠭᠡᠳᠭᠡᠬᠦ ᠪᠠ ᠬᠥᠳᠡᠭᠡ ᠲᠣᠰᠬᠤᠨ   ᠢ ᠬᠥᠭᠵᠢᠭᠦᠯᠦᠨ ᠮᠠᠨᠳᠤᠭᠤᠯᠬᠤ  ᠶᠢ ᠪᠦᠲᠦᠮᠵᠢᠲᠡᠶ ᠵᠣᠯᠭᠠᠯᠳᠤᠭᠤᠯᠬᠤ ᠨᠢᠭᠡᠳᠦᠭᠡᠷ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠭᠡᠰᠢᠬᠦᠳ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ  ᠪᠠᠯᠭᠠᠰᠤᠨ ᠤ ᠨᠠᠮ ᠤᠨ ᠬᠤᠷᠢᠶᠠᠨ ᠤ  ᠱᠦᠵᠢ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号