ᠴᠠᠩ ᠫᠢᠩ ᠲᠤᠭᠤᠷᠢᠭ ᠤᠨ ᠬᠢᠨ ᠬᠤᠩ ᠴᠢ ᠪᠠᠯᠭᠠᠰᠤᠨ ᠳᠤ ᠡᠳ᠋ ᠪᠤᠳᠠᠰ ᠬᠠᠨᠳᠢᠪᠯᠠᠪᠠ
ᠨᠡᠶᠢᠲᠡᠯᠡᠭᠰᠡᠨ ᠴᠠᠭ᠄
2022/10/25
 ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭ᠎ᠠ ᠶᠢ ᠤᠯᠠᠮ ᠬᠦᠨᠵᠡᠬᠡᠶᠢᠷᠡᠬᠦᠯᠵᠦ᠂ ᠬᠠᠪᠰᠤᠷᠤᠨ ᠲᠡᠳᠬᠦᠬᠦ  ᠠᠵᠢᠯ ᠢ ᠴᠢᠨᠠᠭᠰᠢᠳᠠ  ᠠᠬᠢᠭᠤᠯᠬᠤ ᠶᠢᠨ ᠲᠦᠯᠦᠭᠡ  ᠂ 10 ᠰᠠᠷ᠎ᠠ ᠶᠢᠨ 22 ᠤᠨ ᠡᠳᠦᠷ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤ ᠳᠠᠷᠤᠭ᠎ᠠ ᠮᠠ ᠷᠦᠢ ᠮᠠᠨ ᠲᠠᠶᠢᠹᠤᠰᠧ ᠬᠤᠰᠢᠭᠤᠨ ᠳᠤ ᠲᠤᠰᠢᠶᠠᠯ ᠬᠠᠪᠰᠤᠷᠭᠠᠨ ᠡᠬᠦᠷᠭᠡᠯᠡᠵᠦ ᠪᠠᠶᠢᠭ᠎ᠠ  ᠪᠡᠭᠡᠵᠢᠩ ᠬᠤᠳᠠ ᠶᠢᠨ ᠺᠠᠳ᠋ᠷᠴᠤᠳ ᠢᠶᠠᠨ ᠲᠠᠭᠠᠭᠤᠯᠵᠤ᠂ ᠶᠦᠩ ᠹᠧᠩ ᠪᠠᠯᠭᠠᠰᠤᠨ ᠤ ᠰᠠᠨ ᠶᠦᠩ ᠲᠣᠰᠬᠤᠨ᠂  ᠬᠤᠩ ᠴᠢ ᠪᠠᠯᠭᠠᠰᠤᠨ ᠤ ᠬᠤᠩ ᠵᠢᠩ ᠲᠣᠰᠬᠤᠨ᠂ ᠰᠢᠨ ᠵᠢᠶᠠᠨ ᠲᠣᠰᠬᠤᠨ ᠪᠠ  ᠬᠤᠩ ᠴᠢ ᠲᠣᠰᠬᠤᠨ ᠳᠤ ᠭᠦᠨᠵᠡᠭᠡᠶᠢᠷᠡᠵᠦ᠂ ᠪᠡᠭᠡᠵᠢᠩ ᠬᠤᠲᠠ ᠶᠢᠨ ᠴᠠᠩ ᠫᠢᠩ ᠲᠣᠭᠤᠷᠢᠭ ᠤᠨ ᠨᠢᠭᠦᠯᠡᠰᠦᠩᠭᠦᠢ ᠶᠢᠨ ᠨᠡᠶᠢᠭᠡᠮᠯᠢᠭ ᠪᠣᠯᠣᠨ ᠪᠡᠭᠡᠵᠢᠩ ᠤᠨ  ᠰᠢ ᠰᠠᠨ ᠴᠢ ᠶᠢᠨ ︽ᠰᠢᠨ ᠯᠦᠩ  ︾ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠳᠥᠷᠪᠡᠨ ᠠᠵᠤ ᠠᠬᠤᠶᠢᠯᠠᠯ ᠢ ᠲᠥᠯᠥᠭᠡᠯᠡᠨ  ᠂  4 ᠲᠦᠮᠡᠨ ᠲᠥᠭᠦᠷᠢᠭ ᠤᠨ ᠦᠨ᠎ᠡ ᠥᠷᠲᠡᠭ ᠪᠦᠬᠦᠢ ᠭᠤᠯᠢᠷ ᠪᠤᠳᠠᠭ᠎ᠠ ᠲᠣᠰᠣ ᠵᠡᠷᠭᠡ ᠠᠮᠢᠳᠤᠷᠠᠯ ᠤᠨ ᠬᠡᠷᠡᠭᠯᠡᠭᠡᠨ ᠤ ᠵᠦᠢᠯ ᠢ  ᠡᠳᠡᠭᠡᠷ ᠲᠤᠰᠬᠤᠨ ᠤ 131 ᠡᠷᠦᠬᠡ ᠳᠤ  ᠬᠠᠨᠳᠢᠪᠯᠠᠭᠰᠠᠨ ᠪᠠᠶᠢᠨ᠎ᠠ  ᠃  ᠬᠠᠨᠳᠢᠪ ᠤᠨ ᠶᠣᠰᠣᠯᠠᠯ ᠳᠡᠭᠡᠷ᠎ᠡ᠂ ᠮᠠ ᠷᠦᠢ ᠮᠠᠨ ᠴᠠᠩ ᠫᠢᠩ ᠲᠣᠭᠤᠷᠢᠭ ᠤᠨ ᠨᠢᠭᠦᠯᠡᠰᠦᠩᠭᠦᠢ ᠶᠢᠨ ᠦᠢᠯᠡᠰ ᠤᠨ ᠨᠡᠶᠢᠭᠡᠮᠯᠢᠭ ᠪᠣᠯᠣᠨ ᠬᠠᠯᠠᠭᠤᠨ ᠰᠡᠳᠬᠢᠯᠳᠦ ᠠᠵᠤ ᠠᠬᠤᠶᠢᠯᠠᠯ ᠤᠨ ᠡᠮᠦᠨ᠎ᠡ ᠠᠴᠠ ᠲᠠᠶᠢᠹᠤᠰᠧ ᠬᠤᠰᠢᠭᠤᠨ ᠤ ᠺᠠᠳ᠋ᠷ ᠤᠯᠠᠨ ᠲᠦᠮᠡᠨ ᠢ ᠬᠠᠯᠠᠮᠵᠢᠯᠠᠵᠤ ᠪᠠᠶᠢᠭ᠎ᠠ  ᠪᠠᠨ ᠢᠯᠡᠳᠬᠡᠵᠦ᠂ ᠪᠠᠯᠭᠠᠰᠤ ᠲᠣᠰᠬᠤᠨ ᠤ ᠺᠠᠳ᠋ᠷᠴᠤᠳ ᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠣᠨ ᠶᠠᠳᠠᠭᠤ ᠬᠦᠴᠢᠷᠳᠡᠯᠲᠡᠢ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠬᠢ ᠱᠠᠭᠠᠷᠳᠠᠯᠭ᠎ᠠ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ᠂  ᠲᠠᠶᠢᠹᠤᠰᠧ ᠬᠤᠰᠢᠭᠤᠨ ᠳᠤ ᠲᠤᠰᠢᠶᠠᠯ ᠬᠠᠪᠰᠤᠷᠭᠠᠨ ᠡᠬᠦᠷᠭᠡᠯᠡᠵᠦ ᠪᠠᠶᠢᠭ᠎ᠠ  ᠪᠡᠭᠡᠵᠢᠩ ᠬᠤᠳᠠ ᠶᠢᠨ ᠺᠠᠳ᠋ᠷᠴᠤᠳ ᠨᠢ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂  ᠴᠠᠩ ᠫᠢᠩ ᠲᠣᠭᠤᠷᠢᠭ ᠤᠨ ᠡᠯ᠎ᠡ ᠡᠲᠡᠭᠡᠳ ᠤᠨ ᠬᠥᠮᠥᠰ ᠪᠣᠯᠣᠨ ᠰᠢᠯᠢᠳᠡᠭ ᠠᠵᠤ ᠠᠬᠤᠶᠢᠯᠠᠯ ᠢ ᠲᠠᠶᠢᠴᠢᠯᠠᠨ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠭᠤᠯᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠥᠭᠵᠢᠯᠲᠡ ᠨᠡᠩ ᠰᠠᠶᠢᠨ᠂ ᠨᠥᠬᠦᠷᠯᠡᠯ ᠨᠡᠩ ᠭᠦᠨ ᠪᠣᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠷᠭᠡᠶᠢᠯᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号