10 ᠰᠠᠷ᠎ᠠ ᠶᠢᠨ 24 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ | ᠬᠤᠰᠢᠭᠤ ᠳᠠᠷᠤᠭ᠎ᠠ ᠶᠢᠨ ᠶᠦᠩ ᠾᠧ ᠱᠧᠨ ᠨᠧᠩ ᠤᠮᠠᠷᠠᠲᠤ ᠶᠢᠨ ᠡᠨᠧᠷᠭᠢ ᠶᠢᠨ ᠬᠥᠭᠵᠢᠭᠦᠯᠦᠯᠲᠡ ᠶᠢᠨ | ᠬᠢᠵᠠᠭᠠᠷᠲᠤ ᠺᠣᠮᠫᠠᠨᠢ ᠳᠤ ᠬᠦᠨᠵᠡᠬᠡᠶᠢᠷᠡᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠠ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠵᠢᠯᠤᠭᠤᠳᠴᠠᠢ᠃ ᠶᠢᠨ ᠶᠦᠩ ᠾᠧ ᠂ ᠡᠪᠦᠯ ᠤᠨ ᠳᠤᠯᠠᠭᠠᠯᠠᠭ᠎ᠠ ᠨᠢ | ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠲᠦᠮᠡᠨ ᠤ ᠠᠵᠤ ᠠᠮᠢᠳᠤᠷᠠᠯ ᠪᠠ ᠠᠮᠢ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ | ᠢᠯᠴᠢ ᠬᠠᠩᠭᠠᠬᠤ ᠠᠵᠤ ᠠᠬᠤᠶᠢᠯᠠᠯ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠪᠦᠯ ᠤᠨ ᠲᠤᠯᠠᠭᠠᠯᠠᠭ᠎ᠠ ᠶᠢᠨ ᠡᠯ᠎ᠡ ᠲᠦᠷᠦᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠨ ᠬᠢᠵᠦ᠂ ᠪᠡᠯᠡᠳᠬᠡᠯ ᠲᠥᠬᠦᠭᠡᠷᠦᠮᠵᠢ ᠶᠢᠨ ᠪᠥᠬᠦ ᠲᠠᠯ᠎ᠠ ᠶᠢᠨ ᠪᠠᠶᠢᠴᠠᠭᠠᠯᠳᠠ ᠶᠢ ᠴᠢᠩᠭᠠᠳᠬᠠᠨ᠂ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ | ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠰᠠᠯᠠᠭ᠎ᠠ ᠮᠥᠴᠢᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ | ᠡᠬᠦᠷᠭᠡᠯᠡᠨ᠂ ᠡᠯ᠎ᠡ ᠲᠦᠷᠦᠯ ᠤᠨ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠴᠡᠭᠴᠡᠯᠡᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ | ᠦᠢᠯᠡᠳᠪᠦᠷᠢᠯᠡᠯ ᠠᠮᠤᠷ ᠲᠦᠪᠰᠢᠨ᠂ ᠨᠡᠶᠢᠭᠡᠮ ᠠᠮᠤᠷ ᠲᠣᠭᠲᠠᠭᠤᠨ᠂ ᠤᠯᠠᠨ ᠲᠦᠮᠡᠨ ᠰᠠᠨᠠᠭ᠎ᠠ ᠠᠮᠤᠷ ᠪᠠᠶᠢᠬᠤ ᠶᠢ | ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ | ᠤᠷᠤᠯᠴᠠᠪᠠ᠃ |