ᠰᠡᠳᠬᠢᠯ ᠨᠢᠭᠡᠳᠬᠡᠨ ᠬᠦᠴᠦ ᠬᠠᠮᠲᠤᠳᠬᠠᠵᠤ ᠰᠡᠷᠭᠦᠨ ᠮᠠᠨᠳᠤᠯᠲᠠ ᠶᠢᠨ ᠰᠢᠨ᠎ᠡ ᠲᠥᠰᠥᠪ ᠢ ᠵᠢᠷᠤᠭᠯᠠᠨᠠᠮ
ᠨᠡᠶᠢᠲᠡᠯᠡᠭᠰᠡᠨ ᠴᠠᠭ᠄
2022/10/25
 10 ᠰᠠᠷ᠎ᠠ ᠶᠢᠨ 22 ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠳᠠᠳᠠᠢ ᠲᠡᠬᠦᠰᠴᠡᠢ᠃  ᠬᠤᠷᠠᠯ ᠤᠨ ᠬᠤᠭᠤᠴᠠᠭᠠᠨ ᠳᠤ᠂  ᠲᠠᠶᠢᠹᠤᠰᠧ ᠬᠤᠰᠢᠭᠤᠨ ᠤ ᠺᠠᠳ᠋ᠷ ᠤᠯᠠᠨ ᠲᠦᠮᠡᠨ ᠬᠤᠷᠠᠯ ᠢ ᠪᠠᠶᠢᠩᠭᠤ ᠠᠩᠬᠠᠷᠴᠤ᠂ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ  ᠤᠶᠢᠯᠠᠭᠠᠨ᠂  ᠲᠡᠬᠦᠨ ᠤ ᠲᠤᠳᠤᠷ᠎ᠠ ᠠᠴᠠ ᠡᠷᠡᠯᠬᠡᠭᠯᠡᠨ ᠤᠷᠤᠭᠰᠢᠯᠠᠬᠤ  ᠡᠨᠧᠷᠬᠢ ᠬᠦᠴᠦᠨ ᠢ ᠰᠢᠩᠭᠡᠬᠡᠨ ᠠᠪᠤᠭᠰᠠᠨ ᠪᠠᠶᠢᠨ᠎ᠠ᠃ ᠤᠯᠠᠨ ᠢᠶᠠᠷ ᠢᠶᠠᠨ  ᠪᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠲᠤᠤᠱᠯᠠᠭᠤᠯᠵᠤ᠂ ᠦᠷᠭᠦᠯᠵᠢᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ  ᠢᠯᠡᠷᠭᠡᠶᠢᠯᠡᠵᠡᠬᠡᠨ᠎ᠡ᠃     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ  ᠪᠠᠷᠢᠮᠳᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠴᠢᠬᠤᠯᠠ ᠬᠦᠴᠦᠨ ᠵᠦᠢᠯ ᠤᠨ ᠰᠢᠯᠵᠢᠯᠲᠡ ᠶᠢ ᠰᠢᠯᠤᠭᠤᠳᠬᠠᠨ᠎ᠠ ᠭᠡᠵᠦ ᠳᠤᠷᠠᠳᠴᠠᠢ᠂ ᠡᠨᠡ ᠨᠢ  ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠯᠪᠠᠨ ᠭᠡᠷ ᠤᠨ ᠡᠷᠬᠢᠯᠡᠭᠴᠢ ᠳ᠋ᠦᠩ ᠶᠤᠸᠠᠨ ᠰᠢᠶᠠ ᠳᠤ ᠮᠠᠰᠢ ᠶᠡᠭᠡ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠲᠡᠷᠡ ᠢᠯᠡᠷᠭᠡᠶᠢᠯᠡᠬᠦ ᠳᠡᠭᠡᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯ ᠢᠷᠡᠭᠡᠳᠦᠢ ᠶᠢ ᠪᠦᠬᠦ ᠲᠠᠯ᠎ᠠ ᠪᠠᠷ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠷᠡᠯ ᠰᠠᠴᠤᠷᠠᠩᠭᠤᠢ ᠠᠯᠤᠰ ᠢᠷᠡᠭᠡᠳᠦᠢ ᠶᠢ  ᠲᠦᠰᠦᠪᠯᠡᠭᠰᠡᠨ ᠢᠯᠡᠳᠬᠡᠯ ᠪᠣᠯᠣᠨ᠎ᠠ᠂ ᠮᠠᠨ ᠤ ᠡᠪ ᠬᠠᠮᠲᠤ ᠨᠠᠮ ᠤᠨ ᠭᠡᠰᠢᠭᠦᠨ ᠨᠢᠭᠡᠪᠦᠷᠢ  ᠡᠷᠭᠡᠪᠰᠢ  ᠰᠠᠶᠢᠳᠤᠷ ᠰᠤᠷᠤᠯᠴᠠᠨ ᠣᠶᠢᠯᠠᠭᠠᠵᠤ ᠵᠢᠷᠤᠮᠯᠠᠨ ᠦᠢᠯᠡᠳᠦᠯᠭᠡᠵᠢᠭᠦᠯᠬᠦ ᠴᠢᠬᠤᠯᠠᠲᠠᠢ ᠶᠤᠮ᠃ ᠢᠯᠡᠳᠬᠡᠯ  ᠨᠢ ᠨᠠᠶᠢᠳᠠ 15 ᠬᠡᠰᠡᠭ  ᠢᠶᠠᠷ ᠪᠦᠷᠢᠯᠳᠦᠵᠡᠢ  ᠂ ᠡᠭᠦᠨ ᠳᠤ ᠮᠢᠨᠤ ᠤᠷᠮ᠎ᠠ ᠵᠣᠷᠢᠭ ᠢ ᠬᠠᠮᠤᠭ ᠠᠴᠠ ᠢᠯᠡᠭᠦᠦ ᠬᠥᠪᠴᠢᠯᠡᠭᠰᠡᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠢᠨ᠎ᠡ ᠵᠢᠷᠤᠭ ᠲᠥᠰᠥᠪ ᠪᠣᠯᠣᠨ᠎ᠠ᠃  ᠲᠠᠷᠢᠶᠠᠯᠠᠩ ᠮᠠᠯ ᠠᠵᠤ ᠠᠬᠤᠢ ᠶᠢᠨ ᠠᠵᠢᠯᠲᠠᠨ ᠪᠦᠭᠡᠳ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠤᠯᠤᠭᠰᠠᠨ ᠤ ᠬᠤᠪᠢ ᠳᠤ ᠮᠢᠨᠦ ᠪᠡᠶ᠎ᠡ ᠶᠡᠬᠡᠳᠡ ᠤᠷᠮᠠᠰᠢᠨ ᠵᠤᠷᠢᠬᠵᠢᠭᠰᠠᠨ᠃  ᠬᠤᠶᠢᠰᠢᠳᠠ ᠦᠷᠭᠦᠯᠵᠢᠯᠡᠨ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ  ᠲᠦᠷᠦᠯ ᠤᠨ ᠠᠵᠢᠯ ᠢ  ᠰᠠᠶᠢᠨ ᠬᠢᠨ᠎ᠡ︾  ᠬᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号