ᠠᠤᠭ᠎ᠠ ᠬᠦᠴᠦᠨ ᠢ ᠨᠢᠭᠲᠠᠷᠠᠭᠤᠯᠵᠤ ᠡᠭᠦᠷᠭᠡ ᠬᠠᠷᠢᠭᠤᠴᠠᠯᠭ᠎ᠠ ᠶᠢ ᠡᠬᠦᠷᠭᠡᠯᠡᠨ᠎ᠡ
ᠨᠡᠶᠢᠲᠡᠯᠡᠭᠰᠡᠨ ᠴᠠᠭ᠄
2022/10/25
   ᠣᠶᠢᠷ᠎ᠠ ᠶᠢᠨ ᠡᠳᠦᠷ ᠤᠳ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠲᠠᠶᠢᠹᠤᠰᠧ ᠬᠤᠰᠢᠭᠤᠨ ᠤ ᠥᠷᠭᠡᠨ ᠣᠯᠠᠨ ᠺᠠᠳ᠋ᠷ ᠠᠵᠢᠯᠳᠠᠨ ᠠᠷᠠᠳ ᠢᠷᠭᠡᠳ ᠤᠨ ᠳᠤᠮᠳᠠ ᠦᠷᠭᠦᠯᠵᠢᠯᠡᠨ ᠴᠢᠩᠭ᠎ᠠ ᠲᠤᠰᠬᠠᠯ ᠭᠠᠷᠭᠠᠵᠤ᠂ ᠢᠯᠠᠩᠭᠤᠶ᠎ᠠ ᠢᠯᠡᠳᠬᠡᠯ ᠳᠤ ᠳᠤᠷᠠᠳᠤᠭᠰᠠᠨ ︽ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ  ᠠᠬᠢᠭᠤᠯᠬᠤ︾ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂  ᠤᠳᠤᠬᠢᠴᠢᠯᠠᠭᠰᠠᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ  ᠴᠢᠩᠭᠠᠷᠠᠭᠤᠯᠬᠤ︾ ᠵᠡᠷᠭᠡ ᠠᠭᠤᠯᠭ᠎ᠠ ᠨᠢ ᠦᠨᠳᠦᠰᠦᠨ ᠱᠠᠲᠤᠨ ᠤ  ᠺᠠᠳ᠋ᠷ᠂ ᠰᠤᠷᠭᠠᠨ ᠬᠥᠮᠦᠵᠢᠯ ᠤᠨ ᠠᠵᠢᠯᠲᠠᠳ ᠲᠤ ᠮᠠᠰᠢ ᠶᠡᠭᠡ ᠵᠣᠷᠢᠭᠵᠢᠭᠤᠯᠤᠯ ᠪᠤᠯᠵᠤ᠂ ᠤᠯᠠᠨ ᠢᠶᠠᠷ ᠢᠶᠠᠨ ᠪᠦᠷ ︽ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠠᠶᠠᠨ ᠵᠠᠮ ᠳᠤ ᠡᠷᠴᠢ ᠵᠣᠷᠢᠭ ᠢᠶᠠᠨ ᠬᠦᠪᠴᠢᠯᠡᠨ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠨᠡᠩ ᠠᠭᠤᠤ ᠶᠡᠭᠡ ᠢᠯᠠᠯᠲᠠ ᠪᠣᠯᠣᠨ ᠢᠷᠠᠭᠤ ᠠᠯᠳᠠᠷ ᠢ ᠲᠡᠮᠡᠴᠡᠨ ᠣᠯᠣᠨ᠎ᠠ ︽ᠭᠡᠵᠦ ᠢᠯᠡᠷᠬᠡᠶᠢᠯᠡᠵᠡᠬᠡᠨ᠎ᠡ᠃      ᠪᠤᠤᠴᠠᠩ ᠪᠠᠯᠭᠠᠰᠤᠨ ᠤ ᠲᠠᠢ ᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠴᠧᠨ ᠶᠦᠩ ᠮᠧᠶ ᠢᠯᠡᠷᠬᠡᠶᠢᠯᠡᠬᠦ ᠳᠡᠭᠡᠨ ︽ᠣᠶᠢᠷ᠎ᠠ ᠶᠢᠨ ᠵᠢᠯ ᠳᠤ ᠠᠷᠠᠳ ᠲᠦᠮᠡᠨ ᠤᠯᠤᠰ ᠤᠨ ᠰᠠᠶᠢᠨ ᠲᠥᠷᠥ ᠶᠢᠨ ᠪᠣᠳᠣᠯᠭ᠎ᠠ  ᠶᠢ ᠡᠳ᠋ᠯᠡᠵᠦ᠂ ᠬᠦᠴᠢᠷᠳᠡᠯᠲᠡᠢ ᠬᠥᠮᠥᠰ ᠡᠯ᠎ᠡ ᠲᠥᠷᠥᠯ ᠤᠨ ᠬᠠᠪᠰᠤᠷᠤᠯᠭ᠎ᠠ ᠳᠡᠮᠵᠢᠯᠭᠡ ᠶᠢ ᠬᠦᠷᠲᠡᠵᠦ᠂ ᠠᠳᠠᠯ ᠦᠢᠯᠡᠰ ᠴᠣᠭᠴᠠᠯᠠᠭᠴᠢᠳ ᠡᠯ᠎ᠡ ᠲᠥᠷᠥᠯ ᠤᠨ ᠬᠠᠷᠠᠭᠠᠯᠵᠠᠯ ᠤᠨ ᠨᠥᠬᠦᠪᠦᠷᠢ ᠶᠢ ᠬᠦᠷᠲᠡᠵᠦ᠂ ᠠᠵᠢᠯ ᠣᠯᠬᠤ ᠳᠤ ᠬᠦᠴᠢᠷᠲᠡᠢ ᠬᠥᠮᠥᠰ ᠡᠯ᠎ᠡ ᠲᠥᠷᠥᠯ ᠤᠨ ᠪᠣᠯᠪᠠᠰᠤᠷᠠᠯ ᠳᠤ ᠣᠷᠤᠯᠴᠠᠬᠤ ᠵᠠᠪᠰᠢᠶᠠᠨ ᠲᠠᠢ ᠪᠣᠯᠵᠤ᠂ ᠡᠮᠡᠭᠲᠡᠶᠢᠴᠦᠳ ᠬᠡᠦᠬᠡᠳ ᠪᠠᠭᠠᠴᠳᠤ ᠪᠠ ᠨᠠᠰᠤᠲᠠᠶᠢᠴᠤᠳ ᠲᠤ ᠴᠤ ᠵᠣᠬᠢᠬᠤ ᠬᠠᠷᠠᠭᠠᠯᠵᠠᠯ ᠬᠦᠷᠲᠡᠭᠡᠭᠰᠡᠨ ᠪᠠᠶᠢᠨ᠎ᠠ᠂ ᠡᠨᠡ ᠪᠦᠬᠦᠨ ᠨᠢ ᠴᠥᠮ ᠨᠠᠮ ᠤᠨ ᠳᠠᠭᠠᠭᠤᠯᠭ᠎ᠠ ᠳᠣᠣᠷ᠎ᠠ ᠰᠠᠶ᠋ᠢ ᠪᠡᠶᠡᠯᠡᠭᠳᠡᠵᠦ ᠴᠢᠳᠠᠭᠰᠠᠨ ᠶᠤᠮ᠂  ᠨᠠᠮ ᠲᠦᠷᠦ  ᠳᠡᠭᠡᠨ  ᠪᠠᠶᠠᠷᠯᠠᠵᠤ ᠲᠠᠯᠠᠷᠬᠠᠭᠰᠠᠨ ᠦᠭᠡ ᠶᠠᠷᠢᠶ᠎ᠠ ᠶᠢ  ᠠᠷᠠᠳ ᠣᠯᠠᠨ ᠤ ᠠᠮᠠᠨ ᠠᠴᠠ ᠦᠷᠭᠦᠯᠵᠢ ᠣᠯᠵᠤ ᠰᠣᠨᠣᠰᠳᠠᠭ᠃  ᠬᠠᠮᠤᠭ ᠤᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠱᠦᠵᠢ ᠪᠣᠯᠤᠭᠰᠠᠨ ᠤ ᠬᠤᠪᠢ ᠳᠤ  ᠪᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠨᠢᠭᠡᠳᠦᠭᠡᠷ ᠹᠷᠣᠨᠲ ᠲᠤ  ᠦᠨᠳᠦᠰᠦᠯᠡᠨ᠂ ᠡᠷᠡᠰ ᠪᠠᠲᠤ ᠬᠦᠰᠡᠯᠡᠩ ᠪᠠ ᠢᠲᠡᠭᠡᠯ ᠪᠢᠰᠢᠷᠡᠯ ᠢᠶᠠᠷ ᠶᠡᠷᠦᠩᠬᠡᠢ ᠱᠦᠵᠢ ᠶᠢᠨ ᠢᠯᠡᠳᠬᠡᠯ ᠳᠤ ᠳᠤᠷᠠᠳᠤᠭᠰᠠᠨ ᠰᠢᠭ᠋ ᠢᠶᠠᠷ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠬᠤᠪᠢ ᠨᠡᠮᠡᠷᠢ ᠦᠵᠡᠭᠦᠯᠦᠨ᠎ᠡ︾ ᠬᠡᠨ᠎ᠡ᠃        ᠲᠠᠶᠢᠹᠤᠰᠧ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠳ᠋ᠤᠸᠠᠨ ᠮᠧᠶ ᠷᠦᠩ 2016 ᠣᠨ ᠳᠤ ᠠᠵᠢᠯ ᠳᠤ ᠣᠷᠣᠵᠤ᠂ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢ ᠬᠢᠭᠰᠡᠭᠡᠷ ᠢᠷᠡᠵᠡᠶ᠃ ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ  ᠲᠡᠷᠡᠪᠡᠷ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠲᠤᠶᠢᠯ ᠢᠶᠠᠷ ᠬᠠᠯᠠᠮᠵᠢᠯᠠᠨ ᠠᠩᠬᠠᠷᠴᠤ ᠪᠠᠶᠢᠪᠠ᠃ ᠳ᠋ᠤᠸᠠᠨ ᠮᠧᠶ ᠷᠦᠩ ᠬᠡᠯᠡᠬᠦ ᠳᠡᠭᠡᠨ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︿ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠣᠷᠣᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂  ᠤᠳᠤᠬᠢᠴᠢᠯᠠᠭᠰᠠᠨ ᠪᠠᠶᠢᠭᠤᠯᠤᠯᠲᠠ  ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ﹀ ᠭᠡᠵᠦ ᠳᠤᠷᠠᠳᠤᠭᠰᠠᠨ ᠨᠢ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠲᠤᠳᠤᠷᠬᠠᠢ ᠴᠢᠭᠯᠡᠯ ᠢ ᠵᠢᠭᠠᠵᠤ ᠥᠭᠴᠡᠢ᠃ ᠪᠢᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠷᠴᠢ ᠵᠣᠷᠢᠭ ᠢᠶᠠᠨ ᠬᠦᠪᠴᠢᠯᠡᠨ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠶᠣᠰᠣ ᠰᠤᠷᠲᠠᠬᠤᠨ  ᠲᠠᠢ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ᠂ ᠲᠡᠦᠬᠡᠲᠦ ᠡᠭᠦᠷᠭᠡ  ᠶᠢ ᠡᠭᠦᠷᠭᠡᠯᠡᠵᠦ᠂  ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠵᠣᠷᠢᠭᠲᠠᠢ ᠪᠠᠷ  ᠬᠠᠶᠢᠯᠳᠠ ᠬᠢᠵᠦ  ᠵᠣᠷᠢᠭᠲᠠᠢ ᠪᠠᠷ ᠰᠢᠨ᠎ᠡ ᠶᠢ ᠡᠬᠦᠳᠦᠨ᠂   ᠵᠢᠭᠠᠨ ᠰᠤᠷᠭᠠᠯᠲᠠ ᠶᠢᠨ ᠬᠢᠷᠢ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠤᠷᠤᠭᠴᠢᠳ   ᠲᠤ ᠲᠠᠭᠠᠰᠢᠶᠠᠭᠳᠠᠭᠰᠠᠨ᠂ ᠭᠡᠷ ᠤᠨ ᠠᠬᠠᠮᠠᠳ ᠲᠤ ᠲᠠᠭᠠᠰᠢᠶᠠᠭᠳᠠᠭᠰᠠᠨ ᠰᠠᠶᠢᠨ ᠪᠠᠭᠰᠢ ᠪᠣᠯᠬᠤ ᠪᠠᠷ  ᠴᠢᠷᠮᠠᠶᠢᠨ᠎ᠠ︾  ᠬᠡᠯ᠎ᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号