ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2022/10/26
 10 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 14 ᠳ᠋ᠤᠭᠡᠷ ᠤᠳᠠᠭᠠᠨ ᠤ  ᠬᠠᠮᠳᠤ ᠶᠢᠨ ᠰᠤᠷᠤᠯᠴᠠᠯᠭ᠎ᠠ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠢᠯᠡᠳᠬᠡᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠤᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ  ᠰᠤᠷᠤᠯᠴᠠᠭᠰᠠᠨ ᠪᠠᠶᠢᠨ᠎ᠠ᠃ ᠬᠤᠷᠠᠯ‌ᠡᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠃  ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠲᠦᠷᠦᠭᠦᠯᠡᠨ ᠰᠤᠷᠤᠯᠴᠠᠬᠤ ᠶᠢ ᠪᠠᠷᠢᠮᠲᠠᠯᠠᠵᠤ᠂  ᠬᠤᠰᠢᠭᠤ ᠲᠠᠶᠠᠭᠠᠷ ᠲᠤ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ  ᠵᠡᠪᠰᠡᠭᠯᠡᠨ᠂ ᠦᠢᠯᠡᠳᠦᠯᠭᠡ ᠪᠠᠨ  ᠵᠢᠯᠤᠭᠤᠳᠤᠭᠤᠯᠵᠤ᠂ ᠠᠵᠢᠯ ᠢᠶᠠᠨ  ᠠᠬᠢᠭᠤᠯᠤᠨ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠠᠶᠢᠹᠤᠰᠧ ᠬᠤᠰᠢᠭᠤᠨ ᠤ ᠪᠠᠨ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ ᠨᠠᠷᠢᠯᠢᠭ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ  ᠲᠦᠯᠦᠪᠵᠢᠬᠦᠯᠦᠨ᠂ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ  ᠂ ᠤᠯᠠᠨ ᠲᠦᠮᠡᠨ ᠤ ᠶᠠᠭᠠᠷᠠᠵᠤ ᠵᠣᠪᠠᠵᠤ ᠬᠦᠴᠢᠷᠳᠡᠵᠦ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ  ᠰᠢᠢᠳᠪᠦᠷᠢᠯᠡᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃ ᠶᠢᠨ ᠶᠦᠩ ᠾᠧ᠂ ᠬᠡᠰᠢᠭᠲᠦ᠂ ᠦ᠋ ᠭᠤᠸᠠᠩ ᠹᠧᠩ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠠᠢ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠨᠠᠷᠢᠨ ᠪᠢᠴᠢᠭᠡᠴᠢ ᠨᠠᠷ ᠬᠤᠷᠠᠯ ᠰᠤᠷᠤᠯᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号