ᠲᠡᠮᠡᠴᠡᠯ ᠤᠨ ᠬᠦᠴᠦᠨ ᠢᠶᠠᠨ ᠨᠢᠭᠲᠠᠷᠠᠭᠤᠯᠵᠤ ᠬᠤᠲᠠ ᠶᠢᠨ ᠦᠩᠬᠡ ᠶᠢ ᠭᠤᠶᠤᠵᠢᠭᠤᠯᠤᠨ᠎ᠠ
ᠨᠡᠶᠢᠲᠡᠯᠡᠭᠰᠡᠨ ᠴᠠᠭ᠄
2022/10/26
 ᠳᠡᠯᠡᠬᠡᠢ ᠳ᠋ᠠᠬᠢᠨ ᠤ ᠠᠩᠬᠠᠷᠤᠯ   ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 10 ᠰᠠᠷ᠎ᠠ   ᠶᠢᠨ 22 ᠤᠨ ᠡᠳᠦᠷ  ᠠᠮᠵᠢᠯᠳᠠᠳᠠᠢ  ᠲᠡᠬᠦᠰᠦᠯ᠎ᠡ᠃  ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠲᠠᠶᠢᠹᠤᠰᠧ ᠬᠤᠰᠢᠭᠤᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠦᠳᠳᠡᠷ ᠲᠦᠷᠭᠡᠨ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠭᠠᠷᠭᠠᠵᠤ᠂ ᠶᠠᠷᠢᠯᠴᠠᠭᠠᠨ ᠤ ᠳᠤᠮᠳᠠ ᠠᠮᠵᠢᠯᠲᠠ ᠪᠠᠨ ᠶᠠᠷᠢᠵᠤ᠂ ᠲᠥᠷᠥᠭᠳᠡᠯ ᠢᠶᠠᠨ ᠶᠠᠷᠢᠵᠤ᠂  ᠰᠠᠨᠠᠯ ᠰᠠᠨᠠᠭᠤᠯᠭ᠎ᠠ ᠪᠠᠨ ᠲᠤᠷᠠᠳᠬᠤ ᠶᠢᠨ ᠬᠠᠮᠳᠤ᠂  ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠰᠢᠨ᠎ᠡ ᠦᠵᠡᠯ ᠰᠠᠨᠠᠭ᠎ᠠ ᠂ ᠰᠢᠨ᠎ᠡ ᠮᠠᠭᠠᠳᠯᠠᠯᠲᠠ᠂ ᠰᠢᠨ᠎ᠡ ᠬᠠᠷᠠᠯᠲᠠ᠂ ᠰᠢᠨ᠎ᠡ ᠠᠷᠭ᠎ᠠ ᠬᠡᠮᠵᠢᠶ᠎ᠡ ᠶᠢ ᠭᠦᠨᠵᠡᠭᠡᠢ  ᠤᠶᠢᠯᠠᠭᠠᠨ᠂ ᠢᠲᠡᠭᠡᠯ ᠵᠣᠷᠢᠭ ᠢᠶᠠᠨ ᠪᠠᠲᠤᠳᠬᠠᠵᠤ᠂  ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠡᠷᠡᠯᠬᠡᠭᠯᠡᠨ ᠤᠷᠤᠭᠰᠢᠯᠠᠵᠤ᠂ ᠬᠤᠳᠠ ᠶᠢᠨ ᠬᠥᠭᠵᠢᠯᠲᠡ ᠳᠤ ᠬᠤᠳᠠ ᠶᠢᠨ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃    ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ ᠶᠠᠩ ᠪᠦᠦ ᠵᠢᠶᠦ᠋ᠨ᠄ ︽ᠮᠠᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠤᠨ ᠬᠢᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠶᠢᠨ ᠬᠠᠤᠯᠢ ᠬᠡᠷᠡᠭᠵᠢᠭᠦᠯᠬᠦ ᠰᠢᠰᠲ᠋ᠧᠮ ᠳᠡᠭᠡᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂  ᠵᠦᠪ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ︽ᠬᠤᠲᠠ ᠶᠢᠨ ᠬᠠᠮᠢᠶᠠᠷᠤᠯᠲᠠ ᠨᠢ ᠬᠤᠸᠠᠷ ᠬᠠᠳᠬᠤᠮᠠᠯ ᠲᠠᠢ ᠠᠳᠠᠯᠢ ᠨᠠᠷᠢᠯᠢᠭ ᠪᠠᠶᠢᠬᠤ ᠬᠡᠷᠡᠭᠲᠡᠢ︾ ᠭᠡᠰᠡᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢᠶᠠᠨ ᠤᠯᠠᠮ ᠨᠠᠷᠢᠯᠢᠭ ᠰᠠᠶᠢᠨ ᠠᠳᠬᠤᠵᠤ᠂ ᠵᠠᠷ  ᠮᠡᠳᠡᠭᠡᠨ ᠤ ᠫᠠᠶᠢᠰᠠ ᠢᠯᠡᠷᠬᠡᠶᠢᠯᠡᠯ ᠢ ᠴᠡᠭᠴᠡᠯᠡᠬᠦ᠂ ᠵᠠᠮ ᠱᠤᠭᠤᠮ ᠤᠨ ᠠᠷᠢᠭᠤᠨ ᠴᠡᠪᠡᠷ  ᠢ ᠪᠠᠳᠤᠯᠠᠬᠤ᠂ ᠬᠤᠲᠠ ᠶᠢᠨ   ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠲᠠ ᠶᠢᠨ ᠬᠠᠮᠢᠶᠠᠷᠤᠯᠲᠠ ᠶᠢᠨ ᠬᠢᠷᠢ  ᠲᠦᠪᠰᠢᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ ᠶᠢᠨ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠵᠤ᠂ ᠪᠠᠶᠠᠨ ᠲᠠᠩᠰᠤᠭ᠂ ᠦᠵᠡᠰᠬᠦᠯᠡᠩᠲᠦ ᠭᠤᠶᠤ᠂ ᠡᠶ᠎ᠡ ᠵᠣᠬᠢᠴᠠᠯ ᠲᠠᠢ᠂ ᠪᠣᠯᠪᠠᠰᠤᠨ ᠰᠠᠶᠢᠬᠠᠨ ᠲᠠᠶᠢᠹᠤᠰᠧ ᠬᠤᠰᠢᠭᠤ ᠶᠢ  ᠪᠠᠶᠢᠭᠤᠯᠬᠤ ᠳᠤ  ᠬᠤᠪᠢ ᠨᠡᠮᠡᠷᠢ ᠪᠠᠨ ᠦᠵᠡᠭᠦᠯᠦᠨ᠎ᠡ︾᠃    ᠬᠤᠳᠠ ᠶᠢᠨ ᠬᠠᠮᠢᠶᠠᠷᠤᠯᠲᠠ ᠶᠢᠨ ᠠᠵᠢᠯ ᠨᠢ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ᠂ ᠬᠠᠷᠢᠨ ᠤᠳᠠᠭᠠᠨ  ᠬᠤᠭᠤᠴᠠᠭᠠᠨ ᠤ ᠴᠢᠷᠮᠠᠶᠢᠯᠭ᠎ᠠ ᠤᠷᠤᠨ᠎ᠠ᠃  ᠲᠠᠶᠢᠹᠤᠰᠧ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠳᠦᠷ ᠲᠤᠲᠤᠮ ᠤᠨ ᠠᠵᠢᠯ ᠢᠶᠠᠨ ᠨᠠᠷᠢᠯᠢᠭᠵᠢᠭᠤᠯᠬᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠴᠡᠭᠴᠡᠯᠡᠯᠳᠡ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠤᠭ ᠨᠣᠪᠰᠢ ᠶᠢᠨ ᠲᠥᠷᠥᠯ ᠬᠤᠪᠢᠶᠠᠬᠤ ᠶᠢ ᠦᠷᠭᠦᠯᠵᠢᠯᠡᠨ ᠠᠬᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠤᠲᠠ ᠶᠢᠨ ᠰᠢᠨᠵᠢᠯᠡᠬᠦ  ᠤᠬᠠᠭᠠᠨᠵᠢᠭᠰᠠᠨ᠂ ᠨᠠᠷᠢᠯᠢᠭᠵᠢᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠠᠶᠠᠨ ᠵᠠᠮ ᠳᠤ ᠲᠡᠮᠡᠴᠡᠯ ᠤᠨ ᠬᠦᠴᠦᠨ ᠢ ᠨᠢᠭᠲᠠᠷᠠᠭᠤᠯᠤᠨ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠦᠢᠯᠡᠰ ᠤᠨ ᠤᠷᠤᠭᠰᠢ ᠳᠠᠪᠰᠢᠬᠤ ᠶᠢ ᠠᠬᠢᠭᠤᠯᠵᠤ᠂ ᠬᠤᠲᠠ ᠶᠢᠨ ᠥᠩᠭᠡ ᠲᠦᠷᠬᠦ ᠶᠢ ᠤᠯᠠᠮ ᠭᠤᠶᠤᠵᠢᠭᠤᠯᠬᠤ ᠪᠠᠷ ᠴᠢᠷᠮᠠᠶᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号