ᠪᠤᠤᠴᠠᠩ ᠪᠠᠯᠭᠠᠰᠤ  ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/10/26
2022 ᠣᠨ ᠤ ᠨᠠᠮᠤᠷ ᠤᠨ ᠤᠯᠠᠷᠢᠯ ᠤᠨ ᠠᠮᠢᠲᠠᠨ ᠤ ᠡᠪᠡᠳᠴᠢᠨ ᠬᠢᠵᠢᠭ ᠰᠡᠷᠭᠡᠶᠢᠯᠡᠬᠦ ᠠᠵᠢᠯ ᠢ ᠦᠨᠡᠨᠬᠦ ᠰᠠᠶᠢᠨ ᠠᠳᠬᠤᠵᠤ᠂ ᠡᠯ᠎ᠡ ᠲᠦᠷᠦᠯ ᠤᠨ ᠡᠪᠡᠳᠴᠢᠨ ᠬᠢᠵᠢᠭ ᠢ ᠪᠦᠲᠦᠮᠵᠢᠲᠡᠢ ᠰᠡᠷᠭᠡᠶᠢᠯᠡᠨ᠂  ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠪᠤᠤᠴᠠᠩ ᠪᠠᠯᠭᠠᠰᠤ ᠦᠳᠲᠡᠷ ᠲᠦᠷᠭᠡᠨ ᠬᠥᠳᠡᠯᠦᠯᠴᠡᠵᠦ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ ᠢ  ᠦᠷᠨᠢᠬᠦᠯᠵᠦ ᠪᠤᠢ᠃ ᠪᠠᠯᠭᠠᠰᠤᠨ ᠤ ᠠᠮᠢᠲᠠᠨ ᠤ ᠬᠢᠵᠢᠭ ᠰᠡᠷᠭᠡᠶᠢᠯᠡᠬᠦ ᠥᠷᠲᠡᠭᠡᠨ ᠤ ᠬᠢᠨ ᠲᠣᠰᠬᠤᠨ ᠤ ᠬᠢᠵᠢᠭ ᠰᠡᠷᠭᠡᠶᠢᠯᠡᠬᠦ ᠠᠵᠢᠯᠲᠠᠨ ᠲᠠᠢ ᠬᠠᠮᠲᠤᠷᠠᠨ ᠠᠵᠢᠯᠯᠠᠬᠤ ᠠᠩᠭᠢ ᠪᠠᠶᠢᠭᠤᠯᠵᠤ᠂ ᠲᠣᠰᠬᠤᠨ ᠤ ᠷᠠᠳᠢᠣ᠋ ᠨᠡᠪᠲᠡᠷᠡᠭᠦᠯᠭᠡ ᠬᠢᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠤᠷᠢᠶ᠎ᠠ ᠪᠢᠴᠢᠭᠡᠰᠦ ᠨᠠᠭᠠᠬᠤ ᠵᠡᠷᠭᠡ ᠣᠯᠠᠨ ᠵᠦᠢᠯ ᠤᠨ ᠪᠦᠲᠦᠮᠵᠢᠲᠡᠶ  ᠠᠷᠭ᠎ᠠ ᠬᠡᠯᠪᠡᠷᠢ ᠶᠢ ᠠᠰᠢᠭᠯᠠᠨ᠂  ᠡᠯ᠎ᠡ ᠲᠣᠰᠬᠤᠨ ᠳᠤ ᠬᠦᠨᠵᠡᠬᠡᠶᠢᠷᠡᠵᠦ ᠨᠠᠮᠤᠷ ᠡᠪᠦᠯ ᠤᠨ ᠤᠯᠠᠷᠢᠯ ᠤᠨ ᠠᠮᠢᠲᠠᠨ ᠤ ᠡᠪᠡᠳᠴᠢᠨ ᠬᠢᠵᠢᠭ  ᠢ ᠰᠡᠷᠭᠡᠶᠢᠯᠡᠨ ᠡᠵᠡᠮᠳᠡᠬᠦ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠲᠠᠷᠢᠶᠠᠴᠢᠳ  ᠤᠨ  ᠬᠢᠵᠢᠭ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠬᠢᠵᠢᠭ ᠰᠡᠷᠭᠡᠶᠢᠯᠡᠬᠦ ᠠᠵᠢᠯ ᠳᠤ ᠠᠷᠠᠳ ᠢᠷᠭᠡᠳ ᠢ ᠲᠠᠶᠢᠴᠢᠯᠠᠨ ᠣᠷᠣᠯᠴᠠᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠵᠠᠢ᠃  ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 40000  ᠬᠤᠪᠢ ᠤᠬᠠᠭᠤᠯᠭ᠎ᠠ ᠶᠢᠨ ᠮᠠᠲᠸᠢᠷᠶᠠᠯ ᠂ 500  ᠬᠤᠪᠢ ᠤᠬᠠᠭᠤᠯᠭ᠎ᠠ ᠶᠢᠨ ᠵᠠᠷ ᠲᠠᠷᠬᠠᠭᠠᠵᠤ᠂  60 ᠵᠤᠷᠪᠤᠰ ᠪᠢᠴᠢᠭᠡᠰᠦ  ᠡᠯᠬᠦᠭᠰᠡᠨ ᠤ ᠬᠠᠮᠳᠤ᠂  ᠥᠷᠭᠡᠨ ᠤᠯᠠᠨ ᠲᠣᠰᠬᠤᠨ ᠤ ᠠᠷᠠᠳ ᠲᠤ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠬᠤᠯᠤᠭᠠᠨ᠎ᠠ ᠶᠢᠨ ᠬᠢᠵᠢᠭ᠂ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠵᠤ᠂  ᠨᠠᠮᠤᠷ ᠤᠨ ᠤᠯᠠᠷᠢᠯ ᠤᠨ ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠳᠤ ᠪᠠᠳᠤ ᠰᠠᠭᠤᠷᠢ ᠲᠠᠯᠪᠢᠭᠰᠠᠨ ᠪᠠᠶᠢᠨ᠎ᠠ᠃  ᠠᠵᠢᠯᠯᠠᠬᠤ ᠠᠩᠭᠢ ᠶᠢᠨ ᠬᠢᠨ ᠠᠶᠢᠯ ᠡᠷᠦᠬᠡ ᠪᠠᠷ ᠲᠤᠭᠤᠷᠢᠵᠤ᠂  ᠦᠬᠡᠷ᠂ ᠬᠤᠨᠢ᠂ ᠭᠠᠭ᠋ᠠᠢ᠂ ᠲᠠᠬᠢᠶ᠎ᠠ ᠵᠡᠷᠭᠡ ᠡᠯ᠎ᠡ ᠲᠥᠷᠥᠯ ᠤᠨ ᠮᠠᠯ ᠵᠢᠭᠦᠷᠲᠡᠨ ᠤ ᠬᠢᠵᠢᠭ ᠰᠡᠷᠭᠡᠶᠢᠯᠡᠬᠦ ᠠᠵᠢᠯ ᠢ ᠦᠷᠨᠢᠬᠦᠯᠦᠨ᠂ ᠲᠥᠪᠯᠡᠷᠡᠭᠦᠯᠦᠨ ᠲᠠᠷᠢᠬᠤ ᠪᠠ ᠭᠡᠭᠡᠭᠳᠡᠭᠰᠡᠨ ᠢ ᠨᠥᠬᠦᠪᠦᠷᠢᠯᠡᠬᠦ ᠠᠷᠭ᠎ᠠ ᠪᠠᠷ ᠪᠦᠬᠦ ᠪᠠᠯᠭᠠᠰᠤᠨ ᠤ ᠠᠮᠢᠲᠠᠨ  ᠮᠠᠯ ᠳᠤ ᠰᠡᠷᠭᠡᠶᠢᠯᠡᠯᠳᠡ ᠶᠢᠨ ᠲᠠᠷᠢᠯᠭ᠎ᠠ    ᠬᠢᠬᠦ ᠶᠢᠨ ᠬᠠᠮᠳᠤ  ᠂ ᠡᠯ᠎ᠡ ᠲᠣᠰᠬᠤᠨ ᠢ  ᠱᠠᠭᠠᠷᠳᠠᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ  ᠳᠦᠷᠢᠮ ᠢ ᠴᠢᠩᠭ᠎ᠠ ᠬᠡᠷᠡᠭᠵᠢᠭᠦᠯᠵᠦ᠂ ᠡᠪᠡᠳᠴᠢᠨ ᠬᠢᠵᠢᠭ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠡᠯ᠎ᠡ ᠲᠦᠷᠦᠯ ᠤᠨ ᠠᠵᠢᠯ ᠢ ᠰᠠᠶᠢᠲᠤᠷ ᠬᠢᠵᠦ ᠂ ᠨᠠᠮᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠭᠡᠶᠢᠯᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃  ᠳᠠᠷᠠᠭᠠᠴᠢ ᠶᠢᠨ ᠠᠯᠬᠤᠮ ᠳᠤ  ᠂ ᠪᠤᠤᠴᠠᠩ ᠪᠠᠯᠭᠠᠰᠤ ᠨᠢ ᠤᠬᠠᠭᠤᠯᠭ᠎ᠠ ᠪᠠ ᠰᠡᠷᠭᠡᠶᠢᠯᠡᠯᠳᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠠᠮᠢᠲᠠᠨ ᠤ ᠡᠪᠡᠳᠴᠢᠨ ᠬᠢᠵᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂  ᠬᠦᠨᠳᠦ ᠶᠡᠭᠡ ᠠᠮᠢᠲᠠᠨ ᠤ ᠡᠪᠡᠳᠴᠢᠨ ᠬᠢᠵᠢᠭ ᠡᠭᠦᠰᠬᠦ ᠦᠭᠡᠢ ᠪᠠᠶᠢᠬᠤ ᠶᠢ ᠪᠠᠳᠤᠯᠠᠨ᠂  ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠪᠠᠳᠤ ᠰᠠᠭᠤᠷᠢ ᠶᠢ ᠲᠠᠯᠪᠢᠬᠤ ᠪᠠᠷ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号