ᠬᠤᠰᠢᠭᠤᠨ ᠤ ᠤᠳᠤᠷᠢᠳᠤᠯᠭ᠎ᠠ ᠨᠠᠷ ᠰᠠᠭᠤᠭᠠᠯᠢ ᠲᠣᠭᠤᠷᠢᠭ᠂  ᠲᠡᠯᠬᠡᠬᠦᠷ ᠬᠤᠳᠠᠯᠳᠤᠭ᠎ᠠ ᠪᠠᠷ ᠲᠤᠭᠤᠷᠢᠵᠤ ᠬᠢᠵᠢᠭ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/10/27
 10 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠪᠤᠤᠴᠠᠩ ᠪᠠᠯᠭᠠᠰᠤᠨ ᠤ ᠬᠡᠰᠡᠭ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ᠂ ᠳᠤᠮᠳᠠ ᠦᠨᠳᠦᠷ ᠲᠡᠰ ᠤᠨ  ᠲᠦᠭᠰᠢᠬᠦᠷᠢᠳᠦ ᠣᠷᠣᠨ ᠠᠴᠠ ᠢᠷᠡᠭᠰᠡᠨ ᠬᠥᠮᠥᠰ ᠢ ᠭᠡᠷ ᠲᠤᠨᠢ ᠲᠤᠰᠠᠭᠠᠷᠯᠠᠭᠰᠠᠨ ᠪᠠᠶᠢᠳᠠᠯ᠂  ᠰᠠᠭᠤᠭᠠᠯᠢ ᠲᠣᠭᠤᠷᠢᠭ ᠢ ᠲᠠᠭᠠᠭᠠᠴᠢᠯᠠᠭᠰᠠᠨ ᠪᠠᠶᠢᠭᠤᠯᠭ᠎ᠠ ᠨᠢᠬᠡᠴᠡ ᠨᠢ ᠰᠠᠭᠤᠭᠠᠯᠢ ᠠᠷᠠᠳ ᠤᠨ ᠮᠡᠳᠡᠭᠡ ᠵᠠᠩᠭᠢ ᠶᠢ ᠣᠶᠢᠯᠠᠭᠠᠨ ᠪᠠᠶᠢᠴᠠᠭᠠᠭᠰᠠᠨ ᠪᠠᠶᠢᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠭᠰᠡᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂  ᠭᠠᠷᠴᠤ ᠮᠡᠳᠡᠬᠦ  ᠬᠡᠮ ᠰᠣᠭᠤᠭ ᠢ ᠪᠠᠶᠢᠴᠠᠭᠠᠭᠰᠠᠨ ᠪᠠᠶᠢᠨ᠎ᠠ᠃ ᠡᠭᠦᠨ ᠤ ᠬᠠᠮᠲᠤ᠂  ᠳᠡᠯᠭᠡᠭᠦᠷ ᠬᠤᠳᠠᠯᠳᠤᠭ᠎ᠠ᠂ ᠬᠤᠭᠤᠯᠠᠨ ᠭᠡᠷ᠂ ᠵᠣᠴᠢᠳ ᠤᠨ ᠪᠠᠭᠤᠳᠠᠯ᠂ ᠡᠮ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠺᠣᠳ᠋ ᠰᠢᠷᠪᠢᠬᠦ᠂ ᠠᠮᠠᠪᠴᠢ ᠵᠡᠭᠦᠬᠦ᠂ ᠬᠠᠯᠠᠭᠤᠨ ᠢ ᠬᠡᠮᠵᠢᠬᠦ᠂ ︽ᠳᠥᠷᠪᠡᠨ ᠲᠥᠷᠥᠯ︾ ᠤᠨ ᠡᠮ ᠤᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠵᠡᠷᠭᠡ ᠬᠢᠵᠢᠭ ᠰᠡᠷᠭᠡᠶᠢᠯᠡᠬᠦ ᠠᠷᠭ᠎ᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠪᠠᠷ ᠪᠠᠶᠢᠴᠠᠭᠠᠵᠤ ᠨᠢᠭᠤᠴᠠ ᠪᠠᠷ ᠰᠤᠷᠪᠤᠯᠵᠢᠯᠠᠵᠠᠢ᠃ ᠪᠠᠶᠢᠴᠠᠭᠠᠯᠳᠠ  ᠶᠢᠨ ᠶᠠᠪᠤᠴᠠ ᠳᠤ ᠵᠣᠣ ᠹᠧᠢ ᠫᠧᠩ ᠴᠢᠬᠤᠯᠠᠴᠢᠯᠠᠬᠤ ᠳᠠᠭᠠᠨ᠂ ᠣᠳᠣᠬᠠᠨ ᠤ ᠬᠢᠵᠢᠭ ᠰᠡᠷᠭᠡᠶᠢᠯᠡᠬᠦ ᠠᠵᠢᠯ ᠡᠭᠦᠷᠭᠡ   ᠶᠢᠨ ᠪᠤᠳᠤᠯᠢᠶᠠᠨᠲᠤ ᠴᠢᠨᠠᠷ᠂ ᠪᠡᠷᠭᠡᠰᠢᠶᠡᠯᠳᠦ ᠴᠢᠨᠠᠷ ᠢ ᠭᠦᠨᠵᠡᠭᠡᠢ ᠲᠠᠨᠢᠵᠤ᠂ ᠨᠠᠷᠢᠨ ᠠᠴᠠ ᠨᠠᠷᠢᠨ᠂ ᠴᠢᠩᠭ᠎ᠠ ᠠᠴᠠ ᠴᠢᠩᠭ᠎ᠠ ᠰᠤᠷᠲᠠᠯ ᠢᠶᠠᠷ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠢ ᠣᠶᠢᠯᠠᠭᠠᠨ ᠪᠦᠷᠢᠳᠬᠡᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠭᠤᠯᠤᠨ ᠨᠠᠶᠢᠳᠠᠪᠤᠷᠢᠵᠢᠭᠤᠯᠬᠤ᠂ ᠭᠡᠷ  ᠲᠡᠭᠡᠨ ᠲᠤᠰᠠᠭᠠᠷᠯᠠᠭᠰᠠᠨ ᠬᠥᠮᠥᠰ ᠤᠨ ᠦᠢᠯᠡᠴᠢᠯᠡᠭᠡ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃  ᠲᠣᠮᠣ ᠬᠡᠯᠪᠡᠷᠢ ᠶᠢᠨ ᠳᠡᠯᠭᠡᠭᠦᠷ ᠬᠤᠳᠠᠯᠳᠤᠭ᠎ᠠ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠵᠡᠭᠡᠯᠢ ᠲᠠᠭᠠᠭᠰᠠᠨ  ᠲᠡᠯᠬᠡᠬᠦᠷ ᠬᠤᠳᠠᠯᠳᠤᠭᠠᠨ ᠤ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠰᠠᠶᠢᠳᠤᠷ ᠠᠩᠬᠠᠷᠴᠤ ᠂ ᠬᠡᠮ ᠰᠣᠭᠤᠭ ᠢ ᠰᠡᠷᠭᠡᠶᠢᠯᠡᠨ᠂ ᠮᠡᠳᠡᠭᠡ ᠵᠠᠩᠭᠢ ᠶᠢᠨ ᠵᠦᠪ ᠣᠨᠣᠪᠴᠢᠲᠠᠶ ᠪᠠᠶᠢᠬᠤ ᠶᠢ ᠪᠠᠲᠤᠯᠠᠵᠤ᠂   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠵᠠᠬ᠎ᠠ ᠶᠢᠨ ᠪᠠᠬᠢᠯᠡᠯᠲᠡ ᠶᠢ ᠡᠷᠡᠰ ᠪᠠᠲᠤ ᠪᠠᠶᠢᠭᠤᠯᠬᠤ ᠬᠡᠷᠡᠭᠲᠡᠢ  ᠭᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号