ᠪᠠᠶᠢᠴᠠᠭᠠᠬᠤ ᠬᠤᠷᠢᠶᠠᠨ ᠤ ᠬᠢᠨ ᠮᠠᠯᠵᠢᠬᠤ ᠤᠷᠤᠨ ᠳᠤ ᠬᠦᠨᠵᠡᠬᠡᠶᠢᠷᠡᠵᠦ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2022/10/27
  ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢᠯᠠᠩᠭᠤᠶ᠎ᠠ ᠰᠢ ᠶᠢᠨ ᠫᠢᠩ ᠮᠤᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠭᠤᠣᠯᠯᠠᠭᠴᠢ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠤᠨᠳᠤᠬᠢ ᠬᠠᠷᠢᠯᠴᠠᠨ ᠠᠭᠤᠰᠤᠯᠴᠠᠵᠤ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂  10 ᠰᠠᠷ᠎ᠠ ᠶᠢᠨ 26  ᠤ ᠡᠳᠦᠷ ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠨᠢ ᠬᠦᠨᠪᠤᠯᠠᠭ ᠰᠤᠮᠤᠨ ᠤ ᠡᠮᠦᠨ᠎ᠡ ᠸᠠᠶᠤᠤ  ᠳᠤ  ᠬᠦᠨᠵᠡᠬᠡᠶᠢᠷᠡᠵᠦ᠂ ︽ᠬᠠᠮᠲᠤᠪᠠᠷ ᠪᠠᠶᠢᠭᠤᠯᠬᠤ +   ᠬᠠᠪᠰᠤᠷᠤᠨ ᠲᠡᠳᠬᠦᠬᠦ︾ ᠠᠵᠢᠯᠯᠠᠭ᠎ᠠ ᠥᠷᠨᠢᠭᠦᠯᠵᠡᠢ᠃  ᠠᠵᠢᠯᠯᠠᠭᠠᠨ ᠤ ᠳᠤᠮᠳᠠ᠂ ᠪᠠᠶᠢᠴᠠᠭᠠᠬᠤ ᠬᠤᠷᠢᠶᠠᠨ ᠤ ᠠᠵᠢᠯᠲᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠵᠤ᠂  ᠮᠠᠯᠴᠢᠳ ᠲᠠᠢ ᠬᠠᠮᠲᠤᠪᠠᠷ ᠰᠢ ᠶᠢᠨ ᠫᠢᠩ ᠶᠡᠷᠦᠩᠬᠡᠢ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠭᠰᠠᠨ  ᠤ ᠬᠠᠮᠲᠤ ᠪᠠᠶᠢᠴᠠᠭᠠᠬᠤ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠬᠢ ᠶᠢ ᠲᠠᠨᠢᠯᠴᠠᠭᠤᠯᠤᠨ᠂  ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠲᠤᠬᠠᠢ ᠤᠬᠠᠭᠤᠯᠭ᠎ᠠ ᠬᠢᠭᠰᠡᠨ ᠪᠠᠶᠢᠨ᠎ᠠ᠃  ᠠᠵᠢᠯᠳᠠᠳ ᠪᠠᠰᠠ ᠬᠠᠪᠰᠤᠷᠤᠨ ᠲᠡᠳᠬᠦᠬᠦ ᠨᠢᠭᠤᠷᠯᠠᠯ ᠤᠨ ᠭᠡᠷ ᠡᠷᠦᠬᠡ ᠪᠠᠷ ᠬᠦᠨᠵᠡᠬᠡᠶᠢᠷᠡᠵᠦ᠂  ᠬᠠᠮᠳᠤ ᠰᠠᠭᠤᠵᠤ ᠬᠠᠯᠠᠭᠤᠨ ᠵᠤᠭᠤᠭ ᠲᠡᠯᠭᠡᠨ᠂  ᠲᠡᠳᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠪᠣᠯᠣᠨ ᠦᠢᠯᠡᠳᠪᠦᠷᠢᠯᠡᠯ ᠠᠮᠢᠳᠤᠷᠠᠯ ᠤᠨ ᠲᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠰᠠᠨᠠᠭᠠᠰᠢᠷᠠᠯ  ᠪᠤᠶᠤ ᠭᠡᠷᠡᠭᠴᠡᠭᠡ ᠱᠠᠭᠠᠷᠳᠠᠯᠭ᠎ᠠ ᠶᠢ ᠨᠢ ᠤᠶᠢᠯᠠᠭᠠᠭᠰᠠᠨ ᠪᠦᠭᠡᠳ ᠦᠨᠢᠶᠡᠨ ᠰᠦ᠂ ᠬᠡᠪ ᠤᠨ ᠴᠠᠢ᠂ ᠢᠳᠡᠰᠢᠨ ᠲᠣᠰᠣ ᠵᠡᠷᠭᠡ ᠠᠮᠢᠳᠤᠷᠠᠯ ᠤᠨ ᠬᠡᠷᠡᠭᠰᠡᠯ ᠢ  ᠮᠠᠯᠴᠢᠳ ᠲᠤ ᠭᠠᠷᠳᠠᠭᠤᠯᠵᠠᠢ᠃    ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠪᠠᠶᠢᠴᠠᠭᠠᠭᠴᠢ ᠳᠠᠷᠤᠭ᠎ᠠ ᠵᠣᠣ ᠸᠧᠨ ᠯᠢᠶᠠᠩ᠄  ︽ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠲᠡᠭᠦᠰᠦᠯ᠎ᠡ᠃ ᠮᠠᠨ ᠤ ᠪᠠᠶᠢᠴᠠᠭᠠᠬᠤ ᠬᠤᠷᠢᠶᠠᠨ ᠤ ᠨᠠᠮ ᠤᠨ ᠡᠭᠦᠷ   ᠨᠢ ᠡᠮᠦᠨ᠎ᠡ ᠸᠠᠶᠤᠤ ᠭᠠᠴᠠᠭᠠᠨ ᠤ ᠨᠠᠮ ᠤᠨ ᠡᠭᠦᠷ ᠲᠠᠢ ᠬᠠᠮᠲᠤᠷᠠᠨ᠂  ᠬᠠᠮᠲᠤ ᠶᠢᠨ ᠰᠤᠷᠤᠯᠴᠠᠯᠭ᠎ᠠ ᠪᠠ  ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠬᠦ ᠪᠠᠷ ᠲᠠᠮᠵᠢᠭᠠᠳ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂  ᠮᠠᠯᠴᠢᠨ ᠲᠦᠮᠡᠨ ᠳᠤ  ᠨᠠᠮ ᠤᠨ ᠲᠦᠷᠦ ᠶᠢᠨ ᠪᠣᠳᠣᠯᠭ᠎ᠠ ᠶᠢ ᠤᠬᠠᠭᠤᠯᠤᠨ᠂ ᠨᠠᠮ ᠤᠨ ᠬᠠᠶᠢᠷ᠎ᠠ ᠬᠠᠯᠠᠮᠵᠢ ᠶᠢ ᠬᠦᠷᠭᠡᠯ᠎ᠡ︾᠃    ᠨᠠᠮ ᠤᠨ ᠡᠬᠦᠷ ᠤᠨ ︽ᠬᠠᠮᠲᠤᠪᠠᠷ ᠪᠠᠶᠢᠭᠤᠯᠬᠤ + ᠬᠠᠪᠰᠤᠷᠤᠨ ᠲᠡᠳᠬᠦᠬᠦ︾ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠠᠴᠠᠭᠠᠨ ᠤ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠤᠯᠠᠮᠵᠢᠯᠠᠵᠤ᠂ ᠮᠠᠯᠴᠢᠨ ᠲᠦᠮᠡᠨ ᠨᠢᠭᠡᠪᠦᠷᠢ ᠳᠤ ᠤᠯᠠᠮᠵᠢᠯᠠᠭᠰᠠᠨ ᠢᠶᠠᠷ ᠪᠠᠷᠠᠬᠤ ᠦᠭᠡᠢ᠂ ᠨᠠᠮ ᠤᠨ ᠭᠡᠰᠢᠭᠦᠨ ᠺᠠᠳ᠋ᠷᠴᠤᠳ ᠬᠢᠭᠡᠳ ᠬᠠᠪᠰᠤᠷᠤᠨ ᠲᠡᠳᠬᠦᠬᠦ ᠡᠷᠦᠬᠡ ᠶᠢᠨ ᠬᠤᠭᠤᠷᠤᠨᠳᠤᠬᠢ ᠭᠦᠨ ᠵᠤᠵᠠᠭᠠᠨ ᠨᠥᠬᠦᠷᠯᠡᠯ ᠢ ᠪᠠᠶᠢᠭᠤᠯᠵᠠᠢ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠣᠯᠠᠨ ᠲᠦᠮᠡᠨ ᠲᠠᠢ ᠦᠷᠭᠦᠯᠵᠢᠯᠡᠨ ᠬᠠᠷᠢᠯᠴᠠᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠶᠢ ᠠᠷᠠᠳ ᠲᠦᠮᠡᠨ ᠳᠤ ᠦᠢᠯᠡᠴᠢᠯᠡᠬᠦ ᠶᠠᠪᠤᠴᠠ ᠳᠤ ᠠᠭᠤᠰᠬᠠᠵᠤ᠂ ︽ᠦᠨᠳᠦᠰᠦᠲᠡᠨ ᠨᠦᠭᠦᠳ ᠨᠢᠭᠡ ᠭᠡᠷ ᠤᠨ ᠬᠢᠨ ᠮᠡᠳᠦ ᠨᠢᠬᠳᠠᠷᠠᠨ ᠪᠦᠯᠬᠦᠮᠳᠡᠬᠦ︾  ᠠᠵᠢᠯᠯᠠᠭ᠎ᠠ ᠶᠢ ᠭᠦᠨᠵᠡᠭᠡᠢ ᠮᠦᠷᠳᠡᠭᠡᠨ ᠪᠦᠲᠦᠮᠵᠢᠲᠡᠶ  ᠦᠷᠨᠢᠬᠦᠯᠬᠦ  ᠪᠠᠷ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号