ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ ᠤᠨ ᠵᠠᠷᠯᠠᠯ ︵106 ᠲᠣᠭᠠᠲᠤ︶
ᠨᠡᠶᠢᠲᠡᠯᠡᠭᠰᠡᠨ ᠴᠠᠭ᠄
2022/10/27
    ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠭ᠎ᠠ᠃ ᠣᠶᠢᠷ᠎ᠠ ᠳᠤ᠂ ᠬᠥᠬᠡᠬᠤᠲᠠ ᠶᠢᠨ ᠬᠡᠰᠡᠭ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠢ ᠪᠠᠰᠠ ᠵᠠᠯᠭᠠᠪᠠᠷ ᠭᠡᠷ ᠲᠤᠨᠢ ᠬᠠᠷᠢᠭᠤᠯᠬᠤ ᠪᠣᠯᠣᠨ᠎ᠠ᠃ ᠮᠠᠨ ᠤ ᠬᠤᠰᠢᠭᠤᠨ ᠤ ᠪᠠᠨ ᠬᠢᠵᠢᠭ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠰᠠᠶᠢᠨ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠬᠤᠰᠢᠭᠤᠨ ᠤ ᠭᠠᠳᠠᠨ᠎ᠠ ᠠᠴᠠ ᠢᠷᠡᠭᠰᠡᠳ ᠡᠷᠬᠡᠪᠰᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠂ ᠢᠯᠠᠩᠭᠤᠶ᠎ᠠ ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ ᠶᠢᠨ ᠭᠡᠷ ᠤᠨ ᠠᠬᠠᠮᠠᠳ ᠨᠢ  ᠬᠠᠷᠢᠵᠤ ᠢᠷᠡᠬᠦ ᠰᠣᠷᠣᠭᠴᠢ ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ᠂  ᠪᠠᠶᠢᠭ᠎ᠠ ᠰᠤᠷᠭᠠᠭᠤᠯᠢ᠂ ᠭᠡᠷ ᠤᠨ ᠬᠠᠶ᠋ᠢᠭ ᠂  ᠬᠠᠷᠢᠵᠤ ᠢᠷᠡᠬᠦ   ᠴᠠᠭ ᠵᠡᠷᠭᠡ ᠮᠡᠳᠡᠭᠡ ᠵᠠᠩᠭᠢ ᠶᠢ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ᠬᠤᠶᠠᠷ᠂ ᠬᠥᠬᠡᠬᠤᠲᠠ᠂ ᠰᠢᠯᠢᠩᠬᠤᠲᠠ ᠵᠡᠷᠭᠡ ᠭᠠᠵᠠᠷ ᠣᠷᠣᠨ ᠠᠴᠠ ᠪᠤᠴᠠᠵᠤ  ᠢᠷᠡᠭᠰᠡᠳ ︽7 ᠡᠳᠦᠷ ᠭᠡᠷ   ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠯᠳᠠ ᠬᠢᠬᠦ︾ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠭᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂  ᠲᠠᠷᠤᠢ ᠲᠦᠷᠭᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠬᠦ ᠬᠡᠷᠡᠭᠲᠡᠢ᠃ ᠣᠨᠴᠠᠭᠠᠶ ᠪᠠᠶᠢᠳᠠᠯ ᠠᠴᠠ ᠭᠠᠳᠠᠨ᠎ᠠ᠂  ᠪᠦᠬᠦᠶᠢᠯᠡ ᠠᠯᠪᠠᠨ ᠲᠤᠰᠢᠶᠠᠯᠲᠠᠨ ᠭᠡᠷ ᠤᠨ ᠬᠦᠮᠦᠰ ᠨᠢ ᠭᠡᠷ ᠲᠡᠭᠡᠨ ᠲᠤᠰᠠᠭᠠᠷᠯᠠᠭᠰᠠᠨ ᠢᠶᠠᠷ ᠰᠢᠯᠲᠠᠭ ᠪᠣᠯᠭᠠᠵᠤ ᠠᠵᠢᠯ ᠤᠨ ᠪᠠᠶᠢᠷᠢ ᠠᠴᠠ ᠪᠠᠨ ᠰᠠᠯᠵᠤ ᠭᠡᠷ ᠲᠡᠭᠡᠨ ᠰᠠᠭᠤᠵᠤ ᠪᠣᠯᠬᠤ ᠦᠭᠡᠢ᠃     ᠭᠤᠷᠪᠠ᠂ ᠬᠥᠬᠡᠬᠤᠲᠠ᠂ ᠰᠢᠯᠢᠩᠬᠤᠲᠠ ᠠᠴᠠ ᠢᠷᠡᠬᠦ ᠲᠡᠷᠭᠡ ᠬᠦᠰᠭᠡ ᠨᠢᠬᠡᠪᠦᠷᠢ ᠵᠠᠮ ᠤᠨ ᠪᠣᠭᠤᠮᠲᠠ ᠲᠡᠭᠡᠷ᠎ᠡ  ᠮᠠᠨ ᠤ ᠬᠤᠰᠢᠭᠤᠨ ᠳᠤ ᠠᠭᠤᠯᠵᠠᠬᠤ ᠬᠥᠮᠥᠰ ᠤᠨ ᠢᠶᠠᠨ ᠮᠡᠳᠡᠭᠡ ᠵᠠᠩᠭᠢ᠂ ᠬᠠᠷᠢᠯᠴᠠᠬᠤ ᠠᠷᠭ᠎ᠠ ᠵᠢᠴᠢ  ᠭᠡᠷ ᠤᠨ ᠬᠠᠶ᠋ᠢᠭ ᠢ ᠲᠤᠳᠤᠷᠬᠠᠢ ᠬᠠᠩᠭᠠᠵᠤ᠂ ᠬᠢᠨᠠᠨ ᠬᠠᠷᠭᠤᠭᠤᠯᠤᠭᠠᠳ ᠠᠰᠠᠭᠤᠳᠠᠯ ᠦᠭᠡᠢ ᠪᠣᠯ ᠠᠵᠢᠯᠳᠠᠳ ᠠᠴᠠ ᠲᠡᠷᠭᠡᠨ  ᠤ ᠴᠣᠩᠬᠤ ᠪᠠᠷ ᠪᠠᠶᠢᠴᠠᠭᠠᠯᠳᠠ ᠶᠢᠨ ᠭᠡᠪ ᠢ ᠠᠪᠴᠤ᠂ ᠪᠢᠲᠡᠭᠦᠮᠵᠢᠯᠡᠬᠦ ᠬᠠᠭᠤᠳᠠᠰᠤ ᠨᠠᠭᠠᠭᠰᠠᠨ ᠤ ᠳᠠᠷᠠᠭ᠎ᠠ ᠲᠠᠯᠪᠢᠵᠤ  ᠤᠷᠤᠭᠤᠯᠤᠨ᠎ᠠ᠂ ᠡᠨᠡ ᠬᠤᠭᠤᠴᠠᠭᠠᠨ ᠳᠤ ᠵᠢᠯᠣᠭᠤᠴᠢ ᠪᠠ  ᠪᠤᠰᠤᠳ ᠬᠦᠮᠦᠰ ᠪᠦᠷ ᠲᠡᠷᠭᠡᠨ ᠠᠴᠠ ᠪᠠᠭᠤᠵᠤ ᠪᠣᠯᠬᠤ ᠦᠭᠡᠢ᠃     ᠳᠥᠷᠪᠡ᠂ ᠮᠠᠨ ᠤ ᠬᠤᠰᠢᠭᠤᠨ ᠳᠤ ᠢᠷᠡᠬᠦ ᠪᠦᠬᠦᠶᠢᠯᠡ ᠬᠥᠮᠥᠰ ᠡᠷᠬᠡᠪᠰᠢ  ᠪᠦᠬᠡᠮ ᠬᠦᠴᠢᠯ ᠤᠨ ᠪᠠᠶᠢᠴᠠᠭᠠᠯᠳᠠ ᠶᠢᠨ ᠴᠡᠭ ᠲᠠᠢ ᠵᠠᠮ ᠬᠠᠷᠢᠯᠴᠠᠭᠠᠨ ᠤ ᠪᠣᠭᠤᠮᠲᠠ ᠪᠠᠷ ᠳᠠᠮᠵᠢᠨ ᠤᠷᠤᠵᠤ ᠢᠷᠡᠬᠦ ᠬᠡᠷᠡᠭᠲᠡᠢ᠂  ᠬᠤᠰᠢᠭᠤᠨ ᠤ ᠲᠤᠳᠤᠷᠠᠬᠢ ᠲᠡᠷᠭᠡ ᠤᠨᠤᠭ᠎ᠠ ᠪᠤᠰᠤᠳ ᠮᠤᠵᠢ ᠶᠢᠨ ᠵᠠᠭᠠᠭ  ᠲᠡᠭᠡᠷ᠎ᠡ ᠤᠴᠢᠵᠤ  ᠢᠷᠡᠵᠦ ᠶᠠᠪᠤᠬᠤ ᠬᠦᠮᠦᠰ ᠢ ᠲᠤᠰᠴᠤ ᠬᠦᠷᠬᠡᠵᠦ ᠪᠤᠯᠬᠤ ᠦᠬᠡᠢ᠂ ᠪᠠᠶᠢᠴᠠᠭᠠᠯᠲᠠ ᠠᠴᠠ ᠵᠣᠷᠢᠭᠤᠳᠠ ᠵᠠᠶᠢᠯᠠᠵᠤ᠂ ᠵᠠᠮ ᠤᠨ ᠪᠣᠭᠤᠮᠲᠠ ᠶᠢ ᠲᠣᠭᠤᠷᠢᠵᠤ  ᠶᠠᠪᠤᠪᠠᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ ᠰᠢᠳᠬᠡᠨ᠎ᠡ᠃      ᠲᠠᠪᠤ᠂ ᠳᠣᠣᠷᠠᠬᠢ 12 ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ ᠶᠢᠨ ᠭᠡᠷ ᠤᠨ ᠠᠬᠠᠮᠠᠳ ᠳᠠᠷᠤᠶᠢᠬᠠᠨ ᠬᠠᠷᠢᠶ᠎ᠠ ᠭᠠᠵᠠᠷ ᠤᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃          ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ       ᠥᠪᠥᠷ ᠮᠣᠩᠭᠤᠯ ᠤᠨ ᠹᠧᠩ ᠵᠧᠦ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠥᠩ ᠱᠠᠨ ᠳᠡᠭᠡᠳᠦ ᠰᠤᠷᠭᠠᠭᠤᠯᠢ     ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ     ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ     ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠯᠠᠭᠤᠴᠤᠳ ᠤᠨ ᠤᠯᠤᠰ ᠲᠦᠷᠦ ᠶᠢᠨ ᠲᠡᠭᠡᠳᠦ ᠰᠤᠷᠭᠠᠭᠤᠯᠢ     ᠥᠪᠥᠷ ᠮᠣᠩᠭᠤᠯ ᠤᠨ ᠡᠨᠧᠷᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠴᠠᠭᠳᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠶᠦᠨ ᠬᠥ᠋ ᠰᠤᠷᠭᠠᠭᠤᠯᠢ ᠶᠢᠨ ᠲᠣᠭᠤᠷᠢᠭ      ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠩ ᠯᠧ ᠰᠤᠷᠭᠠᠭᠤᠯᠢ ᠶᠢᠨ ᠲᠤᠭᠤᠷᠢᠭ      ᠥᠪᠥᠷ ᠮᠣᠩᠭᠤᠯ ᠤᠨ ᠹᠧᠩ ᠵᠧᠦ  ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠴᠢᠩ ᠴᠧᠩ ᠳᠡᠭᠡᠳᠦ ᠰᠤᠷᠭᠠᠭᠤᠯᠢ ᠴᠢᠩ ᠴᠧᠩ ᠲᠡᠭᠡᠳᠦ ᠰᠤᠷᠭᠠᠭᠤᠯᠢ      ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠶᠢᠨ ᠱᠠᠨ ᠰᠤᠷᠭᠠᠭᠤᠯᠢ ᠶᠢᠨ ᠲᠤᠭᠤᠷᠢᠭ᠃      ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ 0479 ︱ 5230665      ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675      ᠪᠤᠤᠴᠠᠩ  ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227      ᠵᠢᠶᠠᠨ ᠰᠢᠩ ᠨᠡᠶᠢᠭᠡᠮ ᠲᠣᠭᠤᠷᠢᠭ᠄ 13644792511      ᠪᠦᠦ ᠹᠧᠩ ᠨᠡᠶᠢᠭᠡᠮ ᠲᠣᠭᠤᠷᠢᠭ᠄ 13947930729      ᠨᠠᠨ ᠵᠢᠶᠣᠣ ᠨᠡᠶᠢᠭᠡᠮ ᠲᠣᠭᠤᠷᠢᠭ᠄ 18847938988      ᠰᠢᠨ ᠬᠤᠸᠠ ᠲᠣᠭᠤᠷᠢᠭ᠄ 13947395770       ᠲᠠᠢ ᠫᠢᠩ ᠨᠡᠶᠢᠭᠡᠮ ᠲᠣᠭᠤᠷᠢᠭ᠄ 15849930009      ᠳ᠋ᠦᠩ ᠵᠢᠶᠣᠣ ᠨᠡᠶᠢᠭᠡᠮ ᠲᠣᠭᠤᠷᠢᠭ᠄ 13947966967      ᠬᠦᠨᠪᠤᠯᠠᠭ ᠰᠤᠮᠤ  ᠄ 0479 ︱ 5887015       13234794613      ᠴᠢᠶᠠᠨ ᠶᠢᠨ ᠭᠧᠦ ᠪᠠᠯᠭᠠᠰᠤ᠄ 0479-2265514    15249535203      ᠬᠤᠩ ᠴᠢ ᠪᠠᠯᠭᠠᠰᠤ᠄ 0479 ︱ 5823064      ᠯᠦᠸᠧ ᠲᠦᠸᠧ ᠱᠠᠨ ᠪᠠᠯᠭᠠᠰᠤ᠄ 0479 ︱ 5855017      ᠶᠦᠩ ᠹᠧᠩ ᠪᠠᠯᠭᠠᠰᠤ  ᠄ 0479-2265106      ᠰᠢᠩ ᠹᠦ᠋ ᠰᠢᠶᠠᠩ᠄ 0479-5899968  15547956376                                               ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                                                                                                  2022 ᠣᠨ ᠤ 10 ᠰᠠᠷ᠎ᠠ ᠶᠢᠨ 27 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号