ᠯᠦᠸᠧ ᠲᠦᠸᠧ ᠱᠠᠨ ᠪᠠᠯᠭᠠᠰᠤ  ︽ᠲᠠᠯᠠᠪᠤᠷ ᠤᠨ ᠺᠤᠳ᠋︾ ᠤᠨ ᠬᠡᠷᠡᠭᠯᠡᠯᠲᠡ ᠶᠢᠨ ᠪᠠᠶᠢᠳᠠᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2022/10/27
 ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢ ᠤᠯᠠᠮ ᠴᠢᠩᠭᠠᠷᠠᠭᠤᠯᠵᠤ᠂ ᠬᠢᠵᠢᠭ ᠰᠡᠷᠭᠡᠶᠢᠯᠡᠯᠲᠡ ᠶᠢᠨ ᠱᠤᠭᠤᠮ ᠢ ᠴᠢᠨᠠᠭᠰᠢᠳᠠ ᠪᠠᠬᠢᠵᠢᠭᠦᠯᠬᠦ ᠶᠢᠨ ᠲᠥᠯᠥᠭᠡ᠂ 10 ᠰᠠᠷ᠎ᠠ ᠶᠢᠨ 25 ᠤ ᠡᠳᠦᠷ  ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠣᠷᠳᠣᠨ ᠨᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂  ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ ᠵᠢᠴᠢ ᠵᠠᠬ᠎ᠠ ᠳᠡᠯᠭᠡᠭᠦᠷ ᠬᠢᠨᠠᠨ ᠬᠠᠮᠢᠶᠠᠷᠬᠤ ᠰᠠᠯᠪᠤᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠠᠯᠭᠠᠰᠤᠨ ᠤ ᠳᠣᠲᠣᠷᠠᠬᠢ  ᠲᠡᠯᠬᠡᠬᠦᠷ ᠬᠤᠳᠠᠯᠳᠤᠭ᠎ᠠ᠂ ᠬᠤᠭᠤᠯᠠᠨ ᠭᠡᠷ ᠪᠠ ᠰᠤᠷᠭᠠᠭᠤᠯᠢ᠂ ᠡᠮᠨᠡᠯᠬᠡ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ  ︽ᠲᠠᠯᠠᠪᠤᠷ ᠤᠨ ᠺᠤᠳ᠋︾ ᠢ ᠬᠡᠷᠡᠭᠯᠡᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠡᠢ᠃ ᠪᠠᠶᠢᠴᠠᠭᠠᠬᠤ  ᠳᠤᠭᠤᠶᠢᠯᠠᠩ ᠤᠨ ᠬᠢᠨ ᠡᠳᠡᠭᠡᠷ ᠭᠤᠣᠯᠳᠠᠯᠭ᠎ᠠ ᠲᠠᠢ ᠲᠠᠯᠠᠪᠤᠷ ᠤᠨ ︽ᠲᠠᠯᠠᠪᠤᠷ ᠤᠨ ᠺᠤᠳ᠋︾ ᠢ ᠪᠠᠭᠤᠯᠭᠠᠵᠤ ᠬᠡᠷᠡᠭᠯᠡᠭᠰᠡᠨ ᠡᠰᠡᠬᠦ ᠂ ᠣᠷᠣᠵᠤ ᠭᠠᠷᠬᠤ ᠬᠥᠮᠥᠰ ᠲᠤ ᠺᠣᠳ᠋ ᠰᠢᠷᠪᠢᠬᠦ᠂  ᠬᠠᠯᠠᠭᠤᠨ ᠢ ᠬᠡᠮᠵᠢᠬᠦ᠂ ᠠᠮᠠᠪᠴᠢ ᠵᠡᠭᠦᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠳᠤ ᠨᠠᠷᠢᠨ  ᠪᠠᠶᠢᠴᠠᠭᠠᠯᠳᠠ ᠬᠢᠬᠦ ᠶᠢᠨ ᠬᠠᠮᠳᠤ᠂   ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠲᠠᠩᠰᠠ ᠪᠠᠶᠢᠭᠤᠯᠵᠤ᠂ ᠲᠡᠳᠡᠨ ᠢ ᠵᠢᠭᠠᠨ ᠵᠢᠯᠤᠭᠤᠳᠴᠤ ᠪᠠᠶᠢᠭᠠᠳ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂  ᠬᠠᠮᠤᠭ ᠤᠨ ᠰᠢᠨ᠎ᠡ ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ  ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠵᠤ᠂ ︽ᠲᠠᠯᠠᠪᠤᠷ ᠤᠨ ᠺᠤᠳ᠋︾ ᠬᠡᠷᠡᠭᠯᠡᠬᠦ ᠶᠢᠨ ᠴᠢᠬᠤᠯᠠ ᠴᠢᠨᠠᠷ ᠢ ᠴᠢᠬᠤᠯᠠᠴᠢᠯᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠳᠤ᠂  ᠬᠠᠤᠯᠢ ᠬᠡᠷᠡᠭᠵᠢᠭᠦᠯᠬᠦ ᠠᠵᠢᠯᠳᠠᠨ 85 ᠬᠥᠮᠥᠨ ᠤᠳᠠᠭ᠎ᠠ  ᠬᠦᠳᠡᠯᠦᠯᠴᠡᠵᠦ᠂ 26 ᠡᠷᠦᠬᠡ  ᠶᠢ ᠪᠠᠶᠢᠴᠠᠭᠠᠭᠠᠳ᠂ ᠲᠤᠬᠠᠢ ᠶᠢᠨ ᠲᠠᠯᠠᠪᠠᠢ 3  ᠡᠷᠦᠬᠡ ︵2 ᠬᠤᠭᠤᠯᠠᠨ ᠭᠡᠷ᠂ 1 ᠱᠠᠬᠠᠢ ᠶᠢᠨ ᠳᠡᠯᠭᠡᠭᠦᠷ︶ ᠶᠢ ᠪᠢᠲᠡᠭᠦᠮᠵᠢᠯᠡᠵᠦ᠂ 5  ᠡᠷᠦᠬᠡ ᠶᠢ ᠲᠡᠷᠡ ᠳᠣᠣᠷ᠎ᠠ ᠨᠢ ᠱᠠᠭᠠᠷᠳᠠᠨ ᠴᠡᠭᠴᠡᠯᠡᠵᠡᠢ᠃  ᠲᠠᠷᠠᠭᠠᠴᠢ ᠶᠢᠨ ᠠᠯᠬᠤᠮ ᠳᠤ᠂  ᠲᠤᠰ ᠪᠠᠯᠭᠠᠰᠤ ᠨᠢ ︽ᠲᠠᠯᠠᠪᠤᠷ ᠤᠨ ᠺᠣᠳ᠋︾ ᠰᠢᠷᠪᠢᠵᠦ ᠰᠢᠯᠭᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ︽ᠲᠠᠯᠠᠪᠤᠷ  ᠤᠨ ᠺᠣᠳ᠋︾  ᠭᠡᠷᠡᠭᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠦ᠂ ᠰᠡᠷᠭᠡᠶᠢᠯᠡᠯᠲᠡ ᠶᠢᠨ ᠱᠤᠭᠤᠮ ᠤᠨ ᠥᠨᠴᠥᠭ ᠪᠤᠯᠤᠩ ᠦᠯᠡᠳᠡᠭᠡᠯ ᠦᠭᠡᠢ  ᠪᠦᠷᠬᠦᠬᠦ  ᠶᠢ ᠦᠨᠡᠨ ᠬᠦ ᠪᠠᠳᠤᠯᠠᠨ᠂  ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ  ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号