ᠬᠦᠨᠪᠤᠯᠠᠭ ᠰᠤᠮᠤ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ
ᠨᠡᠶᠢᠲᠡᠯᠡᠭᠰᠡᠨ ᠴᠠᠭ᠄
2022/10/27
 10 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠵᠡᠷᠭᠡ ᠬᠦᠮᠦᠰ  ᠬᠦᠨᠪᠤᠯᠠᠭ ᠰᠤᠮᠤᠨ ᠳᠤ ᠬᠦᠨᠵᠡᠬᠡᠶᠢᠷᠡᠵᠦ᠂  ᠰᠤᠮᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠠᠵᠢᠯ ᠳᠤ ᠬᠢᠨᠠᠨ ᠰᠢᠯᠭᠠᠯᠲᠠ ᠬᠢᠵᠡᠢ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠩ ᠮᠧᠶ  ᠬᠤᠷᠠᠯ   ᠳᠤ ᠤᠷᠤᠯᠴᠠᠵᠤ  ᠂  ᠬᠤᠩ ᠮᠧᠶ ᠠᠴᠠ 2022 ᠣᠨ ᠤ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠠᠵᠢᠯ ᠢ ᠥᠷᠨᠢᠭᠦᠯᠦᠭᠰᠡᠨ ᠪᠠᠶᠢᠳᠠᠯ  ᠢᠶᠠᠨ ᠬᠢᠨᠠᠨ ᠰᠢᠯᠭᠠᠬᠤ ᠳᠤᠭᠤᠶᠢᠯᠠᠩ ᠳᠤ ᠬᠠᠷᠢᠭᠤ ᠮᠡᠳᠡᠭᠦᠯᠪᠡ᠃ ᠯᠢ ᠱᠣᠣ ᠯᠢᠨ ᠬᠦᠨᠪᠤᠯᠠᠭ ᠰᠤᠮᠤᠨ ᠤ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠳᠦᠷ ᠬᠡᠮᠵᠢᠶᠡᠨ ᠳᠤ ᠦᠨᠡᠯᠡᠨ ᠨᠤᠳ᠋ᠯᠠᠭᠰᠠᠨ ᠤ ᠬᠠᠮᠲᠤ  ᠂ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠣᠷᠳᠣ ᠬᠤᠭᠤᠴᠠᠭᠠᠨ ᠤ ᠪᠦᠳᠦᠮᠵᠢᠳᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂  ︽ᠠᠷᠠᠳ ᠤᠨ ᠲᠥᠯᠥᠭᠡᠯᠡᠭᠴᠢᠳ ᠤᠨ ᠭᠡᠷ︾  ᠢᠶᠠᠷ ᠰᠠᠭᠤᠷᠢᠨ ᠭᠠᠵᠠᠷ ᠪᠤᠯᠭᠠᠵᠤ ᠪᠠᠶᠢᠭᠠᠳ ᠡᠯ᠎ᠡ ᠲᠦᠷᠦᠯ ᠤᠨ  ᠬᠦᠳᠡᠯᠪᠦᠷᠢ ᠠᠵᠢᠯᠯᠠᠭ᠎ᠠ ᠶᠢ  ᠢᠳᠡᠪᠬᠢᠳᠡᠢ ᠦᠷᠨᠢᠬᠦᠯᠵᠦ᠂ ︽ᠠᠷᠠᠳ ᠤᠨ ᠲᠥᠯᠥᠭᠡᠯᠡᠭᠴᠢᠳ ᠤᠨ ᠭᠡᠷ︾  ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠬᠵᠢᠭᠤᠯᠵᠤ᠂ ᠦᠢᠯᠡᠴᠢᠯᠡᠭᠡᠨ ᠤ ᠴᠢᠳᠠᠮᠵᠢ ᠶᠢ ᠤᠯᠠᠮ ᠨᠡᠮᠡᠭᠳᠡᠬᠦᠯᠬᠦ ᠬᠡᠷᠡᠭᠲᠡᠢ᠃ ᠡᠨᠡ ᠬᠦ ᠲᠠᠪᠴᠠᠩ ᠢᠶᠠᠷ ᠳᠠᠮᠵᠢᠨ᠂ ᠲᠦᠷᠦ ᠶᠢᠨ ᠪᠣᠳᠣᠯᠭ᠎ᠠ ᠶᠢ ᠤᠬᠠᠭᠤᠯᠬᠤ᠂ ᠲᠡᠷᠢᠭᠦᠨ ᠤ ᠠᠷᠭ᠎ᠠ ᠲᠤᠷᠰᠢᠯᠭ᠎ᠠ ᠪᠠ ᠲᠡᠷᠢᠭᠦᠨ ᠤ ᠦᠢᠯᠡ ᠠᠵᠢᠯᠯᠠᠭ᠎ᠠ ᠶᠢ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠠᠷᠠᠳ ᠤᠨ ᠲᠥᠯᠥᠭᠡᠯᠡᠭᠴᠢᠳ ᠤᠨ ᠦᠵᠡᠯ ᠰᠠᠨᠠᠭᠠᠨ ᠤ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ᠂ ᠳᠠᠭᠤᠷᠢᠶᠠᠯ ᠪᠤᠯᠵᠤ ᠦᠢᠯᠡᠳᠦᠯ ᠢᠶᠠᠨ ᠪᠠᠳᠠᠷᠠᠭᠤᠯᠬᠤ ᠬᠠᠯᠠᠭᠤᠨ ᠰᠡᠳᠬᠢᠯᠭᠡ ᠶᠢ ᠬᠦᠭᠵᠢᠬᠡᠬᠦ ᠭᠡᠷᠡᠭᠳᠡᠢ᠃ ᠲᠥᠯᠥᠭᠡᠯᠡᠭᠴᠢᠳ ᠤᠨ ᠬᠡᠪ ᠴᠢᠨᠠᠷ ᠤᠨ ᠳᠡᠭᠡᠭᠰᠢᠯᠡᠯᠲᠡ ᠶᠢ ᠴᠢᠩᠭᠠᠳᠬᠠᠵᠤ᠂  ᠲᠦᠷᠦ ᠶᠢᠨ ᠪᠣᠳᠣᠯᠭ᠎ᠠ ᠶᠢ ᠣᠶᠢᠯᠠᠭᠠᠬᠤ᠂ ᠬᠠᠤᠯᠢ ᠶᠣᠰᠣᠭᠠᠷ ᠠᠵᠢᠯᠯᠠᠬᠤ᠂ ᠠᠰᠠᠭᠤᠳᠠᠯ ᠢ ᠡᠵᠡᠮᠰᠢᠬᠦ᠂ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ  ᠲᠦᠯᠦᠭᠡᠯᠡᠭᠴᠢᠳ ᠢ ᠨᠡᠩ ᠥᠨᠳᠥᠷ ᠲᠦᠪᠰᠢᠨ ᠳᠤ ᠬᠦᠷᠭᠡᠬᠦ ᠬᠡᠷᠡᠭᠲᠡᠢ᠃ ᠲᠥᠯᠥᠭᠡᠯᠡᠭᠴᠢᠳ ᠤᠨ ︽ᠭᠡᠷ︾ ᠲᠡᠭᠡᠨ ᠰᠤᠷᠤᠯᠴᠠᠵᠤ᠂  ︽ᠭᠡᠷ︾ ᠲᠡᠭᠡᠨ ᠠᠵᠢᠯᠯᠠᠵᠤ᠂  ︽ᠭᠡᠷ︾ ᠲᠡᠭᠡᠨ ᠪᠠᠶᠢᠳᠠᠯ ᠢ  ᠮᠡᠳᠡᠵᠦ᠂ ︽ᠭᠡᠷ︾ ᠲᠡᠭᠡᠨ ᠵᠠᠰᠠᠭ ᠤᠨ ᠶᠠᠪᠤᠳᠠᠯ ᠢ ᠵᠥᠪᠯᠡᠬᠦ ᠬᠠᠷᠠᠯᠲᠠ ᠶᠢ ᠦᠨᠡᠨᠬᠦ ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠬᠢᠨᠠᠨ  ᠰᠢᠯᠭᠠᠬᠤ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠳᠠᠩᠰᠠ ᠡᠪᠬᠡᠮᠡᠯ ᠢ ᠪᠠᠶᠢᠴᠠᠭᠠᠨ ᠦᠵᠡᠪᠡ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号