ᠶᠦᠩ ᠹᠧᠩ ᠪᠠᠯᠭᠠᠰᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/10/27
ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠨ ᠬᠢᠬᠦ ᠶᠢᠨ ᠲᠦᠯᠦᠭᠡ᠂  10 ᠰᠠᠷ᠎ᠠ ᠶᠢᠨ 25 ᠤ ᠡᠳᠦᠷ ᠶᠦᠩ ᠹᠧᠩ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢ 2022 ᠣᠨ ᠤ 16 ᠳ᠋ᠤᠭᠠᠷ ᠤᠳᠠᠭᠠᠨ ᠤ  ᠬᠠᠮᠳᠤ ᠶᠢᠨ ᠰᠤᠷᠤᠯᠴᠠᠯᠭ᠎ᠠ ᠵᠢᠴᠢ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠠᠷᠢᠯᠴᠠᠯᠭ᠎ᠠ ᠶᠢᠨ ᠬᠤᠷᠠᠯ   ᠢ ᠬᠤᠷᠠᠯᠳᠤᠭᠤᠯᠪᠠ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ   ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠬᠤᠸ ᠯᠦᠩ᠂ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠲᠠᠩᠰᠠ ᠡᠪᠬᠡᠮᠡᠯ ᠤᠨ ᠲᠠᠰᠤᠭ ᠤᠨ ᠠᠵᠢᠯᠲᠠᠨ ᠸᠠᠩ ᠬᠠᠢ ᠶᠠᠨ ᠬᠤᠷᠠᠯ ᠳᠤ  ᠤᠷᠤᠯᠴᠠᠵᠠᠢ᠃ ᠬᠤᠷᠠᠯ ᠳᠡᠭᠡᠷ᠎ᠡ᠂ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ ᠶᠠᠩ ᠵᠢᠶᠠᠨ ᠷᠦᠢ ᠠᠴᠠ ︽ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠴᠢᠬᠤᠯᠠ ᠥᠭᠦᠯᠡᠯᠲᠡ︾ ᠶᠢ ᠳᠠᠭᠠᠭᠤᠯᠤᠨ ᠰᠤᠷᠤᠯᠴᠠᠵᠤ᠂ ᠨᠠᠮ ᠤᠨ ᠬᠤᠷᠢᠶᠠᠨ ᠤ ᠳᠡᠳ᠋ ᠱᠦᠵᠢ ᠷᠧᠨ ᠮᠢᠨ ᠠᠴᠠ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ︾  ᠬᠡᠮᠡᠬᠦ ᠠᠭᠤᠯᠭ᠎ᠠ ᠶᠢ  ᠳᠠᠭᠠᠭᠤᠯᠤᠨ ᠰᠤᠷᠤᠯᠴᠠᠭᠰᠠᠨ ᠪᠦᠭᠡᠳ ᠤᠳᠤᠷᠢᠳᠬᠤ ᠪᠠᠭ ᠤᠨ ᠭᠡᠰᠢᠬᠦᠳ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠣᠰ ᠪᠡᠶ᠎ᠡ ᠶᠢᠨ ᠣᠶᠢᠯᠠᠭᠠᠯᠲᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠰᠤᠳᠤᠯᠤᠨ ᠶᠠᠷᠢᠯᠴᠠᠭᠰᠠᠨ ᠪᠠᠶᠢᠨ᠎ᠠ᠃  ᠬᠤᠸ ᠯᠦᠩ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠵᠢᠯᠤᠭᠤᠳᠬᠤ ᠰᠠᠨᠠᠯ ᠲᠤᠷᠠᠳᠬᠤ ᠳᠠᠭᠠᠨ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠨᠢ ᠰᠤᠷᠤᠯᠴᠠᠯᠭ᠎ᠠ ᠪᠠᠨ ᠤᠯᠠᠮ ᠴᠢᠩᠭᠠᠳᠬᠠᠵᠤ᠂  ᠦᠨᠡᠨᠬᠦ ᠰᠤᠷᠤᠯᠴᠠᠵᠤ ᠦᠨᠡᠨᠬᠦ ᠢᠲᠡᠭᠡᠬᠦ ᠶᠢ ᠪᠠᠷᠢᠮᠲᠠᠯᠠᠨ᠂  ᠬᠦᠨᠵᠡᠬᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠤ ᠲᠤᠤᠱᠳᠠᠢ ᠨᠠᠶᠢᠳᠠᠪᠤᠷᠢᠵᠢᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠵᠡᠪᠰᠡᠭᠯᠡᠯ ᠢ ᠴᠢᠩᠭᠠᠳᠬᠠᠵᠤ᠂   ᠰᠤᠷᠤᠯᠴᠠᠯᠭ᠎ᠠ ᠶᠢᠨ ᠦᠷ᠎ᠡ ᠪᠦᠲᠦᠭᠡᠯ ᠢ  ᠤᠯᠠᠨ ᠲᠦᠮᠡᠨ ᠳᠤ ᠦᠢᠯᠡᠴᠢᠯᠡᠬᠦ  ᠠᠵᠢᠯ ᠤᠨ ᠰᠡᠳᠬᠢᠴᠡ᠂ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠷᠭ᠎ᠠ ᠬᠡᠮᠵᠢᠶ᠎ᠡ ᠂  ᠠᠷᠭ᠎ᠠ  ᠪᠠᠷᠢᠯ ᠢᠶᠠᠨ ᠰᠠᠶᠢᠵᠢᠷᠠᠭᠤᠯᠬᠤ ᠬᠦᠴᠦᠨ ᠴᠢᠳᠠᠪᠤᠷᠢ ᠪᠣᠯᠭᠠᠨ ᠬᠤᠪᠢᠷᠠᠭᠤᠯᠵᠤ᠂  ᠨᠠᠮ ᠤᠨ ᠲᠡᠷᠢᠭᠦᠨ ᠤ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ  ᠃  ᠰᠦᠨ ᠬᠠᠢ ᠹᠧᠩ ᠴᠢᠬᠤᠯᠠᠴᠢᠯᠠᠬᠤ ᠳᠠᠭᠠᠨ᠂ ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ   ᠶᠢᠨ ᠪᠣᠳᠣᠯᠭ᠎ᠠ   ᠶᠢᠨ ᠰᠤᠷᠤᠯᠴᠠᠯᠭ᠎ᠠ   ᠶᠢ ᠦᠷᠭᠦᠯᠵᠢᠯᠡᠨ ᠰᠠᠶᠢᠲᠤᠷ ᠠᠳᠬᠤᠵᠤ᠂ ᠰᠢ ᠶᠢᠨ ᠫᠢᠩ ᠶᠡᠷᠦᠩᠬᠡᠢ ᠱᠦᠵᠢ   ᠶᠢᠨ ᠦᠨᠳᠦᠰᠦᠲᠡᠨ ᠤ ᠠᠵᠢᠯ   ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠬᠡᠵᠢᠬᠦᠯᠬᠦ ᠱᠠᠭᠠᠷᠳᠠᠯᠭ᠎ᠠ   ᠶᠢ ᠭᠦᠨᠵᠡᠭᠡᠢ ᠣᠶᠢᠯᠠᠭᠠᠵᠤ᠂ ᠣᠶᠤᠨ ᠰᠠᠨᠠᠭᠠᠨ ᠳᠠᠭᠠᠨ ᠬᠠᠳᠠᠩᠰᠢᠭᠤᠯᠬᠤ ᠬᠡᠷᠡᠭᠲᠡᠢ᠃ ︽ᠳᠥᠷᠪᠡᠨ ᠤᠬᠠᠮᠰᠠᠷ︾   ᠢ ᠴᠢᠩᠭᠠᠳᠬᠠᠨ᠂ ︽ᠳᠥᠷᠪᠡᠨ ᠢᠲᠡᠭᠡᠯ︾   ᠢ ᠪᠠᠲᠤᠳᠬᠠᠵᠤ᠂ ︽ᠬᠤᠶᠠᠷ   ᠢ ᠬᠠᠮᠠᠭᠠᠯᠠᠬᠤ︾   ᠶᠢ ᠪᠡᠶᠡᠯᠡᠭᠦᠯᠦᠨ᠂ ᠳᠤᠮᠳᠠᠳᠤ   ᠶᠢᠨ ᠦᠨᠳᠦᠰᠦᠲᠡᠨ ᠤ ᠬᠠᠮᠲᠤ   ᠶᠢᠨ ᠴᠣᠭᠴᠠ   ᠶᠢᠨ ᠤᠬᠠᠮᠰᠠᠷ   ᠢ  ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠲᠦᠷᠦᠯ ᠤᠨ  ᠠᠵᠢᠯ ᠡᠭᠦᠷᠭᠡ   ᠶᠢ ᠨᠠᠶᠢᠳᠠᠪᠤᠷᠢᠵᠢᠭᠤᠯᠬᠤ   ᠶᠢ ᠪᠥᠬᠦ ᠬᠦᠴᠦᠨ ᠢᠶᠠᠷ ᠰᠠᠶᠢᠲᠤᠷ  ᠠᠳᠬᠤᠨ᠂ ᠰᠢᠨ᠎ᠡ ᠴᠠᠭ ᠦᠶ᠎ᠡ   ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ   ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号