10 ᠰᠠᠷ᠎ᠠ ᠶᠢᠨ 27 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯ ᠢ ᠡᠷᠬᠢᠯᠡᠨ ᠬᠤᠷᠠᠯᠳᠤᠭᠤᠯᠪᠠ᠃ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂ ᠪᠠᠭᠠᠲᠤᠷ | ᠂ ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠣᠷᠣᠯᠴᠠᠵᠠᠢ᠃ ᠲᠣᠰ ᠬᠤᠭᠤᠴᠠᠭᠠᠨ ᠤ ᠪᠠᠶᠢᠩᠭᠤ ᠶᠢᠨ | ᠬᠤᠷᠢᠶᠠᠨ ᠤ ᠭᠡᠰᠢᠬᠦᠨ ᠨᠡᠶᠢᠲᠡ 33 ᠬᠥᠮᠥᠨ ᠠᠴᠠ ᠡᠨᠡ ᠤᠳᠠᠭᠠᠨ ᠤ ᠬᠤᠷᠠᠯ 28 ᠬᠥᠮᠥᠨ ᠤᠷᠤᠯᠴᠠᠭᠠᠳ᠂ | ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ ᠬᠤᠷᠠᠯ ᠠᠴᠠ ᠵᠥᠪᠯᠡᠬᠦ ᠵᠦᠢᠯ ᠤᠨ | ᠲᠥᠰᠥᠯ ᠢ ᠪᠠᠲᠤᠯᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠶᠢᠹᠤᠰᠧ ᠬᠤᠰᠢᠭᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ | ᠠᠮᠢᠲᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠰᠢᠭᠤ ᠵᠠᠰᠠᠭ ᠤᠨ ᠣᠷᠳᠣᠨ ᠤ | 2022 ᠣᠨ ᠤ ᠲᠥᠰᠥᠪ ᠤᠨ ᠲᠣᠬᠢᠷᠠᠭᠤᠯᠤᠯᠲᠠ ᠶᠢᠨ ᠲᠤᠬᠠᠢ ᠮᠡᠳᠡᠬᠦᠯᠦᠯᠳᠡ᠂ 2021 ᠣᠨ ᠤ ᠤᠯᠤᠰ ᠤᠨ | ᠦᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠤᠬᠠᠢ ᠮᠡᠳᠡᠭᠦᠯᠦᠯᠲᠡ᠂ ᠬᠤᠰᠢᠭᠤ ᠱᠠᠲᠤᠨ ᠤ ᠲᠥᠰᠥᠪ ᠢ | ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2021 ᠣᠨ ᠤ ᠬᠢᠨᠠᠨ | ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ | ᠲᠤᠬᠠᠢ ᠮᠡᠳᠡᠭᠦᠯᠦᠯᠲᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ | ᠬᠤᠰᠢᠭᠤᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠳᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠢ ᠪᠠᠶᠢᠴᠠᠭᠠᠯᠲᠠ ᠶᠢᠨ ᠮᠡᠳᠡᠭᠦᠯᠦᠯᠲᠡ᠂ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠲᠠᠩᠰᠠᠯᠠᠯᠳᠠ ᠶᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠰᠤᠨᠤᠰᠴᠤ ᠬᠢᠨᠠᠨ ᠵᠦᠪᠯᠡᠵᠡᠢ᠃ ᠬᠤᠷᠠᠯ | ᠲᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ | ᠶᠠᠪᠤᠳᠠᠯ ᠢ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠡᠭᠦᠷᠭᠡᠯᠡᠭᠰᠡᠳ ᠤᠨ ᠦᠨᠳᠦᠰᠦᠨ ᠬᠠᠤᠯᠢ ᠳᠤ | ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ᠂ ᠪᠠᠶᠢᠴᠠᠭᠠᠬᠤ | ᠬᠤᠷᠢᠶᠠᠨ ᠤ ᠳᠠᠷᠤᠭ᠎ᠠ ᠨᠠᠷᠠᠰᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠤᠪᠴᠢᠶᠠᠨ ᠤ ᠭᠤᠣᠯ ᠬᠠᠷᠢᠭᠤᠴᠠᠯᠭᠠᠲᠠᠨ ᠵᠢᠴᠢ ᠡᠳ᠋ ᠤᠨ | ᠵᠠᠰᠠᠭ ᠠᠵᠤ ᠠᠬᠤᠢ ᠶᠢᠨ ᠲᠤᠰᠬᠠᠢ ᠵᠥᠪᠯᠡᠯ ᠤᠨ ᠭᠡᠰᠢᠬᠦᠳ᠂ ᠬᠤᠰᠢᠭᠤ ᠱᠠᠳᠤᠨ ᠤ ᠭᠡᠰᠡᠭ ᠠᠷᠠᠳ ᠤᠨ | ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃ |