10 ᠰᠠᠷ᠎ᠠ ᠶᠢᠨ 27 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠵᠡᠷᠭᠡ ᠬᠦᠮᠦᠰ ᠪᠤᠤᠴᠠᠩ ᠪᠠᠯᠭᠠᠰᠤᠨ ᠳᠤ ᠬᠦᠨᠵᠡᠬᠡᠶᠢᠷᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠨ ᠰᠢᠯᠭᠠᠯᠲᠠ ᠵᠢᠴᠢ ︽ᠠᠷᠠᠳ ᠤᠨ | ᠲᠥᠯᠥᠭᠡᠯᠡᠭᠴᠢᠳ ᠤᠨ ᠭᠡᠷ︾ ᠤᠨ ᠣᠳᠣᠨ ᠲᠠᠰ ᠢ ᠬᠢᠨᠠᠨ ᠲᠣᠭᠲᠠᠭᠠᠬᠤ ᠠᠵᠢᠯ ᠢ ᠦᠷᠨᠢᠬᠦᠯᠵᠡᠢ᠃ ᠯᠢ ᠱᠣᠸ | ᠯᠢᠨ ᠬᠤᠷᠠᠯ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠱᠧᠩ᠂ ᠵᠣᠬᠢᠶᠠᠨ ᠪᠠᠶᠢᠭᠤᠯᠬᠤ ᠭᠡᠰᠢᠭᠦᠨ | ᠯᠢ ᠳ᠋ᠧ ᠱᠧᠩ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠸᠠᠩ ᠵᠢᠶᠦ᠋ᠨ ᠱᠧᠩ ᠠᠴᠠ ᠰᠢᠯᠭᠠᠨ ᠦᠨᠡᠯᠡᠬᠦ | ᠳᠤᠭᠤᠶᠢᠯᠠᠩ ᠳᠤ ᠪᠤᠤᠴᠠᠩ ᠪᠠᠯᠭᠠᠰᠤᠨ ᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠵᠢᠴᠢ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ | ᠮᠡᠳᠡᠬᠦᠯᠵᠡᠢ᠃ ᠯᠢ ᠱᠣᠣ ᠯᠢᠨ ᠴᠢᠬᠤᠯᠠᠴᠢᠯᠠᠬᠤ ᠳᠠᠭᠠᠨ᠂ ᠨᠢᠭᠡ ᠳᠤ ︽ᠠᠷᠠᠳ ᠤᠨ ᠲᠥᠯᠥᠭᠡᠯᠡᠭᠴᠢᠳ ᠤᠨ ᠭᠡᠷ︾ | ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠪᠠᠶᠢᠩᠭᠤᠵᠢᠭᠰᠠᠨ ᠣᠷᠳᠣ | ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠴᠢᠩᠭ᠎ᠠ ᠠᠳᠬᠤᠨ ᠪᠣᠳᠠᠲᠠᠶᠢᠵᠢᠭᠤᠯᠵᠤ᠂ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠲᠠᠰᠤᠷᠠᠯᠲᠠ ᠦᠭᠡᠢ | ᠪᠠᠶᠠᠯᠢᠭᠵᠢᠭᠤᠯᠤᠨ ᠂ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠦᠢᠯᠡᠴᠢᠯᠡᠭᠡᠨ ᠤ ᠴᠢᠳᠠᠮᠵᠢ ᠶᠢ | ᠳᠡᠭᠡᠭᠰᠢᠯᠡᠭᠦᠯᠵᠦ᠂︽ᠠᠷᠠᠳ ᠤᠨ ᠲᠥᠯᠥᠭᠡᠯᠡᠭᠴᠢᠳ ᠤᠨ ᠭᠡᠷ︾ ᠤᠨ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠬᠤᠶᠠᠷ ᠲᠤ ︽ᠠᠷᠠᠳ ᠤᠨ ᠲᠥᠯᠥᠭᠡᠯᠡᠭᠴᠢᠳ ᠤᠨ ᠭᠡᠷ︾ ᠬᠡᠮᠡᠬᠦ ᠲᠠᠪᠴᠠᠩ ᠢ ᠰᠠᠶᠢᠲᠤᠷ | ᠠᠰᠢᠭᠯᠠᠵᠤ᠂ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠨ᠂ ᠰᠤᠷᠤᠯᠴᠠᠯᠭ᠎ᠠ ᠪᠣᠯᠪᠠᠰᠤᠷᠠᠯ᠂ ᠲᠦᠷᠦ ᠶᠢᠨ | ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠶᠢ ᠰᠠᠶᠢᠲᠤᠷ ᠠᠳᠬᠤᠨ᠂ ᠠᠷᠠᠳ ᠤᠨ ᠲᠥᠯᠥᠭᠡᠯᠡᠭᠴᠢᠳ ᠤᠨ | ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠡᠬᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ | ᠬᠠᠶᠢᠯᠳᠠ ᠡᠬᠦᠳᠦᠯᠳᠡ ᠶᠢ ᠲᠠᠰᠤᠷᠠᠯᠲᠠ ᠦᠭᠡᠢ ᠬᠢᠵᠦ᠂ ᠠᠷᠭ᠎ᠠ ᠲᠤᠷᠰᠢᠯᠭ᠎ᠠ ᠪᠠᠨ ᠳ᠋ᠦᠩᠨᠡᠨ ᠳᠡᠭᠡᠭᠰᠢᠯᠡᠭᠦᠯᠵᠦ᠂ | ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠡᠯ᠎ᠡ ᠲᠦᠷᠦᠯ ᠤᠨ ᠠᠵᠢᠯ ᠤᠨ ᠲᠡᠰ ᠳᠡᠪᠰᠢᠬᠦ ᠶᠢ ᠠᠬᠢᠭᠤᠯᠤᠨ᠂ | ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠭᠤᠣᠯ ᠰᠠᠭᠤᠷᠢᠨ ᠭᠠᠵᠠᠷ︾᠂ ᠤᠯᠠᠨ | ᠲᠦᠮᠡᠨ ᠲᠠᠢ ᠬᠠᠷᠢᠯᠴᠠᠬᠤ ︽ ᠰᠡᠳᠬᠢᠯ ᠤᠨ ᠬᠥᠭᠦᠷᠭᠡ︾ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ | ᠳᠥᠷᠪᠡ ᠳᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠮᠠᠯ ᠬᠤᠷᠠᠯ ᠤᠨ | ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠡᠯᠡᠳᠬᠡᠯ ᠠᠵᠢᠯ ᠤᠨ ᠡᠯ᠎ᠡ ᠲᠦᠷᠦᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠷᠠᠯ ᠤᠨ ᠬᠤᠭᠤᠴᠠᠭᠠᠨ ᠳᠠᠬᠢ ᠡᠯ᠎ᠡ ᠲᠦᠷᠦᠯ ᠤᠨ | ᠮᠡᠳᠡᠭᠦᠯᠦᠯᠲᠡ ᠪᠠ ᠮᠠᠲ᠋ᠧᠷᠢᠶᠠᠯ ᠲᠤᠭᠤᠷᠪᠢᠬᠤ ᠠᠵᠢᠯ ᠢ ᠰᠠᠶᠢᠨ ᠬᠢᠵᠦ᠂ ᠶᠡᠭᠡ ᠬᠤᠷᠠᠯ ᠤᠨ ᠤᠷᠤᠭᠰᠢᠲᠠᠢ | ᠬᠤᠷᠠᠯᠳᠤᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠤᠨ ᠳᠠᠷᠠᠭ᠎ᠠ᠂ ᠰᠢᠯᠭᠠᠨ ᠦᠨᠡᠯᠡᠬᠦ | ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠵᠡᠢ᠃ |