10 ᠰᠠᠷ᠎ᠠ ᠶᠢᠨ 28 ᠤ ᠡᠳᠦᠷ᠂ ᠲᠠᠶᠢᠹᠤᠰᠧ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ | ᠬᠤᠯᠪᠣᠭᠠᠲᠤ ᠬᠤᠷᠰᠢᠶᠠᠨ ᠤ ᠠᠷᠪᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 30 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 25 | ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠲᠡᠳ᠋ ᠬᠤᠰᠢᠭᠤ ᠳᠠᠷᠤᠭ᠎ᠠ ᠮᠠ ᠷᠦᠢ ᠮᠠᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ ᠬᠤᠷᠠᠯ ᠲᠡᠭᠡᠷ᠎ᠡ᠂ ᠶᠢᠰᠦᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ᠂ | ᠬᠢᠨᠠᠭᠴᠢᠳ ᠤᠨ ᠵᠥᠪᠯᠡᠯ ᠤᠨ ᠬᠢᠭᠰᠡᠨ ᠠᠵᠢᠯ ᠤᠨ ᠮᠡᠳᠡᠬᠦᠯᠦᠯᠳᠡ ᠰᠣᠨᠣᠰᠪᠠ᠃ ︽ ᠮᠡᠳᠡᠬᠦᠯᠦᠯᠳᠡ︾ ᠳᠤ | ᠶᠢᠰᠦᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠬᠠᠩᠭᠠᠨ ᠪᠣᠷᠣᠯᠠᠭᠤᠯᠬᠤ | ᠬᠤᠷᠰᠢᠶᠠᠨ ᠤ ᠬᠤᠯᠪᠣᠭᠠᠲᠤ ᠬᠤᠷᠰᠢᠶᠠᠨ ᠤ ᠬᠥᠭᠵᠢᠯᠲᠡ ᠶᠢᠨ ᠶᠠᠪᠤᠴᠠ ᠵᠢᠴᠢ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠤᠨ ᠠᠮᠵᠢᠯᠳᠠ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠲᠠᠪᠤᠨ | ᠵᠢᠯ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠠᠵᠢᠯ ᠳᠤ | ᠪᠠᠶᠢᠷᠢᠯᠠᠭᠤᠯᠤᠯᠲᠠ ᠬᠢᠵᠡᠢ᠃ ᠬᠤᠷᠠᠯ ᠲᠡᠭᠡᠷ᠎ᠡ ᠪᠠᠰᠠ ︽ᠬᠡᠷᠡᠭ ᠡᠷᠬᠢᠯᠡᠭᠴᠢᠳ ᠤᠨ ᠵᠦᠪᠯᠡᠯ ᠤᠨ ᠢᠯᠡᠳᠭᠡᠯ᠂ | ᠬᠢᠨᠠᠭᠴᠢᠳ ᠤᠨ ᠵᠥᠪᠯᠡᠯ ᠤᠨ ᠮᠡᠳᠡᠬᠦᠯᠦᠯᠳᠡ ᠶᠢᠨ ᠲᠤᠬᠠᠢ ᠰᠢᠢᠳᠪᠦᠷᠢ︾᠂ ︽ ᠲᠠᠶᠢᠹᠤᠰᠧ ᠬᠤᠰᠢᠭᠤᠨ ᠤ | ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠳᠦᠷᠢᠮ ᠤᠨ ᠲᠤᠬᠠᠢ ᠰᠢᠢᠳᠪᠦᠷᠢ︾ ᠶᠢ | ᠪᠠᠲᠤᠯᠠᠵᠤ᠂ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠦᠪᠯᠡᠯ᠂ ᠬᠢᠨᠠᠭᠴᠢᠳ ᠤᠨ ᠵᠥᠪᠯᠡᠯ ᠤᠨ | ᠭᠡᠰᠢᠬᠦᠳ ᠵᠢᠴᠢ ᠬᠡᠷᠡᠭ ᠡᠷᠬᠢᠯᠡᠭᠴᠢᠳ ᠤᠨ ᠵᠦᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠢᠨᠠᠭᠴᠢᠳ ᠤᠨ | ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠶᠢ ᠰᠣᠩᠭᠤᠨ ᠭᠠᠷᠭᠠᠭᠰᠠᠨ ᠪᠠᠶᠢᠨ᠎ᠠ᠃ |