ᠲᠠᠶᠢᠹᠤᠰᠧ ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠰᠡᠷᠭᠡᠶᠢᠯᠡᠬᠦ ︽  ᠠᠶᠤᠯᠬᠦᠢ ᠶᠢᠨ ᠨᠡᠭᠡᠯᠡᠭᠡᠢ︾ ᠶᠢ ᠦᠷᠭᠦᠯᠵᠢᠯᠡᠨ ᠴᠢᠩᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2022/10/30
   ᠣᠳᠣᠬᠠᠨ ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠬᠢᠵᠢᠭ ᠤᠨ ᠪᠠᠶᠢᠳᠠᠯ ᠳᠤ ᠬᠠᠨᠳᠤᠵᠤ᠂ ᠲᠠᠶᠢᠹᠤᠰᠧ ᠬᠤᠰᠢᠭᠤᠨ ᠤ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠨᠢᠭᠡ ᠬᠥᠯᠭᠡ ᠰᠢᠲᠠᠷ᠎ᠠ︾ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠬᠦᠷᠢᠶᠡᠨ ᠤ ᠰᠡᠷᠭᠡᠶᠢᠯᠡᠨ ᠡᠵᠡᠮᠳᠡᠬᠦ ᠠᠵᠢᠯ ᠢ ᠵᠡᠷᠭᠡᠪᠡᠷ ᠠᠳᠬᠤᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠤ ᠬᠢᠵᠢᠭ  ᠰᠡᠷᠭᠡᠶᠢᠯᠡᠬᠦ ︽ ᠠᠶᠤᠯᠬᠦᠢ ᠶᠢᠨ ᠨᠡᠭᠡᠯᠡᠭᠡᠢ︾ ᠶᠢ  ᠦᠷᠬᠦᠯᠵᠢᠯᠡᠨ ᠴᠢᠩᠭᠠᠯᠠᠵᠤ ᠪᠤᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋  ᠬᠤᠰᠢᠭᠤ ᠳᠠᠷᠤᠭ᠎ᠠ ᠮᠠ ᠷᠦᠢ ᠮᠠᠨ ᠴᠠᠭ ᠲᠤᠬᠠᠢ ᠳᠤᠨᠢ ᠬᠤᠷᠠᠯ ᠬᠤᠷᠠᠯᠳᠤᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠤᠨ᠂  ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠶᠢᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠬ᠎ᠠ ᠳᠡᠯᠭᠡᠭᠦᠷ ᠤᠨ  ᠬᠠᠮᠢᠶᠠᠷᠤᠯᠳᠠ ᠶᠢᠨ ᠳᠤᠭᠤᠶᠢᠯᠠᠩ ᠢ  ᠪᠠᠶᠢᠭᠤᠯᠤᠨ᠂ ᠲᠣᠰ ᠲᠣᠰ ᠤᠨ ᠬᠠᠷᠢᠭᠤᠴᠠᠵᠤ ᠪᠠᠶᠢᠭ᠎ᠠ ᠠᠵᠢᠯ ᠲᠥᠷᠥᠯ ᠤᠨ ᠢᠶᠠᠨ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠬᠢᠨᠠᠨ ᠵᠢᠯᠤᠭᠤᠳᠤᠭᠰᠠᠨ ᠪᠠᠶᠢᠨ᠎ᠠ᠃  ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠨᠢ ᠦᠳᠲᠡᠷ ᠲᠦᠷᠭᠡᠨ  ᠬᠦᠳᠡᠯᠦᠯᠴᠡᠵᠦ᠂ ᠨᠠᠷᠢᠯᠢᠭ ᠣᠨᠣᠴᠠᠲᠠᠢ ᠪᠠᠷ ᠬᠢᠨᠠᠨ ᠬᠠᠮᠢᠶᠠᠷᠴᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠬᠠᠮᠢᠶᠠᠷᠬᠤ ᠠᠵᠢᠯ ᠢ ᠬᠤᠯᠪᠤᠭᠠᠯᠠᠨ ᠥᠷᠨᠢᠭᠦᠯᠵᠦ᠂  ᠤᠰᠤᠯ ᠠᠯᠳᠠᠰᠢ ᠭᠠᠷᠬᠤ ᠶᠢ ᠬᠤᠷᠢᠭᠯᠠᠨ  ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠢᠵᠢᠭ ᠰᠡᠷᠭᠡᠶᠢᠯᠡᠯᠳᠡ ᠶᠢᠨ ᠲᠣᠣᠷ ᠢ ᠦᠷᠭᠦᠯᠵᠢᠯᠡᠨ ᠪᠠᠬᠢᠵᠢᠭᠦᠯᠪᠡ᠃ ᠣᠳᠣ ᠪᠣᠯᠲᠠᠯ᠎ᠠ᠂ 2070 ᠡᠷᠦᠬᠡ ᠡᠵᠡᠩᠨᠡᠯᠳᠡ ᠶᠢᠨ ᠨᠢᠬᠡᠴᠡ ᠨᠢ ᠲᠠᠯᠠᠪᠤᠷ ᠤᠨ ᠺᠤᠳ᠋ ᠢ ᠡᠷᠡᠮᠡᠯᠵᠡᠯᠡᠨ ᠲᠠᠩᠰᠠᠯᠠᠭᠤᠯᠵᠤ᠂  ᠺᠣᠳ᠋ ᠰᠢᠷᠪᠢᠭᠰᠡᠨ ᠤᠳᠠᠭ᠎ᠠ ᠨᠢ ᠨᠡᠶᠢᠲᠡ 2173440 ᠤᠳᠠᠭ᠎ᠠ ᠳᠤ ᠬᠦᠷᠦᠭᠡᠳ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠤᠨ ᠬᠢᠨ 4950  ᠡᠷᠦᠬᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠶᠢᠴᠠᠭᠠᠵᠤ᠂  68 ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠦᠭᠡᠳ 57 ᠡᠷᠦᠬᠡ ᠶᠢᠨ ᠠᠵᠢᠯ ᠢ ᠵᠤᠭᠰᠤᠭᠠᠨ ᠪᠢᠳᠡᠬᠦᠮᠵᠢᠯᠡᠭᠰᠡᠨ ᠪᠠᠶᠢᠨ᠎ᠠ᠃  ᠡᠬᠦᠨ ᠤ ᠬᠠᠮᠳᠤ᠂ ᠡᠵᠡᠩᠨᠡᠭᠴᠢᠳ ᠢ ᠵᠢᠯᠣᠭᠤᠳᠤᠨ  ︽ᠰᠢᠯᠢ ᠶᠢᠨ ᠡᠷᠡᠭᠦᠯ ᠤᠨ ᠴᠤᠬᠤᠷ︾ ᠢ 715 ᠤᠳᠠᠭ᠎ᠠ ᠪᠠᠭᠤᠯᠭᠠᠵᠤ᠂  68 ᠬᠤᠪᠢ ᠱᠠᠭᠠᠷᠳᠠᠨ ᠴᠡᠭᠴᠡᠯᠡᠬᠦ ᠮᠡᠳᠡᠭᠳᠡᠯ᠂ 2000 ᠭᠠᠷᠤᠢ ᠬᠤᠪᠢ  ᠠᠷᠢᠭᠤᠳᠬᠠᠯ ᠬᠢᠭᠰᠡᠨ ᠲᠡᠮᠳᠡᠭᠯᠡᠯ ᠤᠨ ᠬᠦᠰᠦᠨᠦᠭᠲᠦ ᠶᠢ ᠲᠠᠷᠬᠠᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号