10 ᠰᠠᠷ᠎ᠠ ᠶᠢᠨ 30 ᠤ ᠡᠳᠦᠷ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ | ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠬᠤᠷᠠᠯ ᠳᠤ ᠣᠷᠤᠯᠴᠠᠬᠤ ᠶᠣᠰᠣᠲᠠᠢ | ᠲᠥᠯᠥᠭᠡᠯᠡᠭᠴᠢ 81 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 67 ᠬᠥᠮᠥᠨ ᠪᠠᠶᠢᠵᠤ᠂ ᠬᠠᠤᠯᠢ ᠳᠤ | ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠭᠰᠡᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠸᠠᠩ ᠸᠧᠢ ᠬᠤᠩ᠂ | ᠦ᠋ ᠭᠤᠸᠠᠩ ᠹᠧᠩ᠂ ᠣᠶᠤᠨᠴᠡᠴᠡᠭ᠂ ᠢᠦᠢ ᠴᠧᠩ ᠭᠦᠸᠧ ᠬᠤᠷᠠᠯ ᠳᠤ ᠣᠷᠣᠯᠴᠠᠵᠠᠢ᠃ ᠸᠠᠩ ᠸᠧᠢ ᠬᠤᠩ | ᠶᠠᠷᠢᠶᠠᠨ ᠳᠠᠭᠠᠨ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠵᠡᠮᠳᠡᠭᠴᠦᠳ ᠤᠨ ᠠᠵᠢᠯ ᠤᠨ ᠲᠤᠮᠳᠠ ᠢᠮᠠᠭᠲᠠ | ᠲᠤᠤᠱᠯᠠᠭᠤᠯᠬᠤ ᠶᠢ ᠪᠠᠷᠢᠮᠲᠠᠯᠠᠵᠤ᠂ ᠵᠡᠮᠳᠡᠭᠴᠦᠳ ᠤᠨ ᠠᠵᠢᠯ ᠢ ᠰᠠᠶᠢᠲᠤᠷ ᠬᠢᠬᠦ ᠶᠢ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ | ᠵᠡᠮᠳᠡᠭᠴᠦᠳ ᠤᠨ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠵᠤ᠂ ᠵᠡᠮᠳᠡᠭᠴᠦᠳ ᠤᠨ ᠬᠥᠳᠡᠯᠮᠦᠷᠢ ᠠᠵᠢᠯ | ᠣᠯᠭᠤᠯᠲᠠ ᠶᠢ ᠯᠠᠪᠳᠠᠭᠤᠨ ᠢᠶᠠᠷ ᠠᠬᠢᠭᠤᠯᠤᠨ᠂ ᠵᠡᠮᠳᠡᠭᠴᠦᠳ ᠤᠨ ᠦᠢᠯᠡᠰ ᠤᠨ ᠤᠬᠠᠭᠤᠯᠭ᠎ᠠ ᠶᠢᠨ ᠠᠵᠢᠯ ᠢ | ᠴᠢᠩᠭᠠᠳᠬᠠᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠬᠠᠮᠠᠭᠠᠯᠠᠨ᠂ | ᠵᠡᠮᠳᠡᠭᠴᠦᠳ ᠤᠨ ᠠᠵᠢᠯ ᠤᠨ ᠡᠷᠡᠭᠦᠯ ᠢᠶᠠᠷ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠬᠡᠵᠦ ᠵᠢᠭᠠᠵᠤ | ᠭᠠᠷᠭᠠᠭᠰᠠᠨ ᠪᠠᠶᠢᠨ᠎ᠠ᠃ ᠬᠤᠷᠠᠯ ᠠᠴᠠ᠂ ᠲᠠᠶᠢᠹᠤᠰᠧ ᠬᠤᠰᠢᠭᠤᠨ ᠤ ᠥᠩᠭᠡᠷᠡᠭᠰᠡᠨ ᠲᠠᠪᠤᠨ ᠵᠢᠯ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠳ᠋ᠦᠩᠨᠡᠵᠦ᠂ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠪᠤᠰᠤᠳᠴᠢ ᠪᠠᠷ ᠵᠠᠳᠠᠯᠤᠭᠰᠠᠨ ᠤ ᠬᠠᠮᠲᠤ ᠬᠤᠶᠢᠰᠢᠳᠠ ᠶᠢᠨ ᠲᠠᠪᠤᠨ ᠵᠢᠯ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ ᠪᠠ ᠬᠠᠷᠠᠯᠲᠠ ᠡᠭᠦᠷᠭᠡ ᠶᠢ | ᠲᠣᠭᠲᠠᠭᠠᠵᠠᠢ᠃ ᠬᠤᠷᠠᠯ ᠲᠡᠭᠡᠷ᠎ᠡ᠂ ᠲᠠᠶᠢᠹᠤᠰᠧ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ | ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢᠨ ᠲᠤᠬᠠᠢ | ᠰᠢᠢᠳᠪᠦᠷᠢ ᠶᠢ ᠪᠠᠳᠤᠯᠠᠵᠤ᠂ ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ᠂ | ᠠᠶᠢᠮᠠᠭ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠤᠯᠴᠠᠬᠤ ᠲᠥᠯᠥᠭᠡᠯᠡᠭᠴᠢ ᠂ | ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠂ | ᠭᠦᠢᠴᠡᠳᠬᠡᠬᠦ ᠬᠡᠷᠡᠭ ᠡᠷᠬᠢᠯᠡᠭᠴᠢᠳ ᠤᠨ ᠵᠦᠪᠯᠡᠯ ᠤᠨ ᠳᠠᠷᠤᠭ᠎ᠠ᠂ ᠳᠡᠳ᠋ ᠳᠠᠷᠤᠭ᠎ᠠ᠂ ᠬᠡᠷᠡᠭ ᠡᠷᠬᠢᠯᠡᠭᠴᠢ ᠵᠢᠴᠢ | ᠲᠠᠪᠤᠨ ᠲᠦᠷᠦᠯ ᠤᠨ ᠵᠡᠮᠳᠡᠭᠴᠦᠳ ᠤᠨ ᠨᠡᠶᠢᠭᠡᠮᠯᠢᠭ ᠤᠨ ᠲᠡᠷᠢᠭᠦᠯᠡᠭᠴᠢ᠂ ᠠᠶᠢᠮᠠᠭ ᠤᠨ ᠵᠡᠮᠳᠡᠭᠴᠦᠳ ᠤᠨ | ᠬᠤᠯᠪᠤᠭᠠᠨ ᠤ ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠳᠤ ᠤᠷᠤᠬᠤ ᠭᠡᠰᠢᠭᠦᠨ ᠢ ᠰᠣᠩᠭᠤᠨ | ᠭᠠᠷᠭᠠᠪᠠ᠃ |