10 ᠰᠠᠷ᠎ᠠ ᠶᠢᠨ 30 ᠤ ᠡᠳᠦᠷ ᠾᠧᠪᠸᠢ ᠮᠤᠵᠢ ᠶᠢᠨ ᠭᠦᠶᠤᠸᠠᠨ ᠰᠢᠶᠠᠨ ᠳᠤ ᠠᠷᠭ᠎ᠠ ᠴᠢᠨᠠᠷᠲᠠᠢ ᠡᠪᠡᠳᠴᠢᠳᠡᠨ | ᠢᠯᠡᠷᠡᠵᠡᠢ᠃ ᠭᠦᠶᠤᠸᠠᠨ ᠰᠢᠶᠠᠨ ᠨᠢ ᠲᠠᠶᠢᠹᠤᠰᠧ ᠬᠤᠰᠢᠭᠤ ᠲᠠᠢ ᠵᠠᠬ᠎ᠠ ᠨᠡᠶᠢᠯᠡᠵᠦ ᠪᠠᠶᠢᠭ᠎ᠠ ᠪᠤᠯᠬᠤᠷ ᠮᠠᠨ ᠤ | ᠬᠢᠵᠢᠭ ᠰᠡᠷᠭᠡᠶᠢᠯᠡᠬᠦ ᠠᠵᠢᠯ ᠡᠬᠦᠷᠭᠡ ᠤᠯᠠᠮ ᠬᠦᠨᠳᠦᠷᠡᠭᠰᠡᠨ ᠪᠠᠶᠢᠭ᠎ᠠ᠃ ᠮᠠᠨ ᠤ ᠬᠤᠰᠢᠭᠤᠨ ᠤ ᠪᠠᠨ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠨ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠥᠨᠥᠳᠥᠷ ᠠᠴᠠ ᠡᠬᠢᠯᠡᠭᠡᠳ᠂ ᠬᠦᠶᠤᠸᠠᠨ ᠰᠢᠶᠠᠨ ᠠᠴᠠ ᠢᠷᠡᠬᠦ ᠬᠥᠮᠥᠰ ᠢ ᠢᠳᠬᠠᠵᠤ | ᠪᠤᠴᠠᠭᠠᠯᠭᠠᠨ᠎ᠠ᠃ | ᠬᠤᠶᠠᠷ᠂ 10 ᠰᠠᠷ᠎ᠠ ᠶᠢᠨ 26 ᠤ ᠡᠳᠦᠷ ᠠᠴᠠ ᠨᠠᠰᠢ ᠬᠦᠶᠤᠸᠠᠨ ᠰᠢᠶᠠᠨ ᠠᠴᠠ ᠮᠠᠨ ᠤ ᠬᠤᠰᠢᠭᠤᠨ ᠳᠤ | ᠢᠷᠡᠭᠰᠡᠨ ᠬᠥᠮᠥᠰ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠠᠭᠠᠨ ᠲᠠᠷᠤᠶᠢᠬᠠᠨ ᠮᠡᠳᠡᠭᠦᠯᠵᠦ᠂ 7 ᠡᠳᠦᠷ ᠭᠡᠷ | ᠲᠡᠭᠡᠨ ᠲᠤᠰᠠᠭᠠᠷᠯᠠᠬᠤ ᠬᠠᠮᠢᠶᠠᠷᠤᠯᠳᠠ ᠶᠢᠨ ᠠᠷᠭ᠎ᠠ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ | ᠡᠷᠡᠭᠦᠯ ᠬᠠᠮᠠᠭᠠᠯᠠᠯ ᠤᠨ ᠵᠥᠪᠯᠡᠯ ᠠᠴᠠ ᠠᠵᠢᠯᠳᠠᠨ ᠲᠤᠮᠢᠯᠠᠵᠤ ᠪᠥᠭᠡᠮ ᠬᠦᠴᠢᠯ ᠤᠨ ᠪᠠᠶᠢᠴᠠᠭᠠᠯᠳᠠ ᠬᠢᠨ᠎ᠡ᠃ | ᠭᠤᠷᠪᠠ᠂ ᠰᠠᠭᠤᠭᠠᠯᠢ ᠲᠤᠭᠤᠷᠢᠭ ᠢ ᠳᠠᠭᠠᠭᠠᠴᠢᠯᠠᠭᠰᠠᠨ ᠨᠢᠭᠡᠴᠡ᠂ ᠡᠯ᠎ᠡ ᠰᠤᠮᠤ ᠰᠢᠶᠠᠩ ᠪᠠᠯᠭᠠᠰᠤ ᠨᠢ 10 | ᠰᠠᠷ᠎ᠠ ᠶᠢᠨ 26 ᠤ ᠡᠳᠦᠷ ᠠᠴᠠ ᠨᠠᠰᠢ ᠬᠦᠶᠤᠸᠠᠨ ᠰᠢᠶᠠᠨ ᠳᠤ ᠤᠴᠢᠵᠤ ᠦᠩᠭᠡᠷᠡᠭᠰᠡᠨ ᠬᠥᠮᠥᠰ ᠢ ᠳᠠᠷᠤᠢ | ᠲᠦᠷᠭᠡᠨ ᠬᠠᠷᠭᠤᠭᠤᠯᠤᠨ ᠪᠠᠶᠢᠴᠠᠭᠠᠬᠤ ᠶᠢᠨ ᠬᠠᠮᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠦᠶᠤᠸᠠᠨ ᠰᠢᠶᠠᠨ ᠲᠠᠢ ᠵᠠᠬ᠎ᠠ ᠨᠡᠶᠢᠯᠡᠵᠦ ᠪᠠᠶᠢᠭ᠎ᠠ ᠰᠢᠶᠠᠩ ᠪᠠᠯᠭᠠᠰᠤ ᠨᠢ ᠡᠯ᠎ᠡ ᠲᠣᠰᠬᠤᠨ ᠢ | ᠵᠤᠬᠢᠶᠠᠨ ᠪᠠᠶᠢᠭᠤᠯᠵᠤ ᠪᠠᠶᠢᠴᠠᠭᠠᠯᠳᠠ ᠬᠠᠮᠢᠶᠠᠷᠤᠯᠳᠠ ᠶᠢᠨ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠢ᠃ | ᠳᠥᠷᠪᠡ᠂ ᠵᠠᠮ ᠬᠠᠷᠢᠯᠴᠠᠭᠠᠨ ᠤ ᠪᠣᠭᠤᠮᠲᠠ ᠶᠢ ᠳᠠᠮᠵᠢᠬᠤ ᠦᠭᠡᠢ ᠪᠠᠷ ᠲᠣᠭᠤᠷᠢᠵᠤ ᠵᠠᠶᠢᠯᠠᠵᠤ ᠶᠠᠪᠤᠬᠤ ᠶᠢ | ᠡᠷᠡᠰ ᠴᠠᠭᠠᠵᠠᠯᠠᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠵᠠᠮ ᠤᠨ ᠪᠣᠭᠤᠮᠲᠠ ᠠᠴᠠ ᠵᠠᠶᠢᠯᠠᠵᠤ | ᠮᠤᠵᠢ ᠶᠢᠨ ᠵᠠᠭᠠᠭ ᠠᠯᠤᠰᠯᠠᠨ ᠬᠥᠮᠥᠨ ᠲᠤᠰᠴᠤ ᠬᠦᠷᠭᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ | ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠵᠠᠮ ᠬᠠᠷᠢᠯᠴᠠᠭᠠᠨ ᠤ ᠪᠣᠭᠤᠮᠲᠠ ᠶᠢ ᠲᠠᠮᠵᠢᠭᠰᠠᠨ ᠦᠭᠡᠢ ᠪᠤᠶᠤ ᠤᠬᠠᠮᠰᠠᠷ | ᠠᠴᠠ ᠪᠠᠨ ᠮᠡᠳᠡᠭᠦᠯᠦᠨ ᠲᠠᠩᠰᠠᠯᠠᠭᠤᠯᠤᠭᠰᠠᠨ ᠦᠭᠡᠢ ᠪᠠᠷ ᠮᠠᠨ ᠤ ᠬᠤᠰᠢᠭᠤᠨ ᠳᠤ ᠢᠷᠡᠭᠰᠡᠳ ᠢ ᠢᠯᠡᠴᠢᠯᠡᠨ | ᠮᠡᠳᠡᠬᠦᠯᠵᠦ ᠪᠤᠯᠤᠨ᠎ᠠ ᠂ ᠬᠢᠨᠠᠨ ᠬᠠᠷᠭᠤᠭᠤᠯᠤᠭᠠᠳ ᠪᠠᠶᠢᠳᠠᠯ ᠨᠢ ᠦᠨᠡᠨ ᠪᠣᠳᠠᠲᠠᠢ ᠪᠤᠯ ᠢᠯᠡᠴᠢᠯᠡᠨ ᠮᠡᠳᠡᠬᠦᠯᠦᠭᠰᠡᠨ | ᠬᠦᠮᠦᠨ ᠢ ᠱᠠᠩᠨᠠᠨ ᠵᠤᠷᠢᠬᠵᠢᠭᠤᠯᠤᠨ᠎ᠠ ᠃ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠲᠠᠰᠤ᠄ | 0479 ︱ 5230665 | ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 13947999675 | ᠪᠤᠤᠴᠠᠩ ᠪᠠᠯᠭᠠᠰᠤ ︵ᠨᠡᠶᠢᠭᠡᠮ ᠲᠣᠭᠤᠷᠢᠭ︶ ᠶᠢᠨ ᠵᠢᠵᠢᠭᠦᠷᠯᠡᠬᠦ ᠤᠲᠠᠰᠤ᠄ 0479 ︱ 5222227 | ᠵᠢᠶᠠᠨ ᠰᠢᠩ ᠨᠡᠶᠢᠭᠡᠮ ᠲᠣᠭᠤᠷᠢᠭ᠄ 13644792511 | ᠪᠦᠦ ᠹᠧᠩ ᠨᠡᠶᠢᠭᠡᠮ ᠲᠣᠭᠤᠷᠢᠭ᠄ 13947930729 | ᠨᠠᠨ ᠵᠢᠶᠣᠣ ᠨᠡᠶᠢᠭᠡᠮ ᠲᠣᠭᠤᠷᠢᠭ᠄ 18847938988 | ᠰᠢᠨ ᠬᠤᠸᠠ ᠲᠣᠭᠤᠷᠢᠭ᠄ 13947395770 | ᠲᠠᠢ ᠫᠢᠩ ᠨᠡᠶᠢᠭᠡᠮ ᠲᠣᠭᠤᠷᠢᠭ᠄ 15849930009 | ᠳ᠋ᠦᠩ ᠵᠢᠶᠣᠣ ᠨᠡᠶᠢᠭᠡᠮ ᠲᠣᠭᠤᠷᠢᠭ᠄ 13947966967 | ᠬᠦᠨᠪᠤᠯᠠᠭ ᠰᠤᠮᠤ ᠄ 0479 ︱ 5887015 13234794613 | ᠴᠢᠶᠠᠨ ᠶᠢᠨ ᠭᠧᠦ ᠪᠠᠯᠭᠠᠰᠤ᠄ 0479-2265514 15249535203 | ᠬᠤᠩ ᠴᠢ ᠪᠠᠯᠭᠠᠰᠤ᠄ 0479 ︱ 5823064 | ᠯᠦᠸᠧ ᠲᠦᠸᠧ ᠱᠠᠨ ᠪᠠᠯᠭᠠᠰᠤ᠄ 0479 ︱ 5855017 | ᠶᠦᠩ ᠹᠧᠩ ᠪᠠᠯᠭᠠᠰᠤ ᠄ 0479-2265106 | ᠰᠢᠩ ᠹᠦ᠋ ᠰᠢᠶᠠᠩ᠄ 0479-5899968 15547956376 | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 10 ᠰᠠᠷ᠎ᠠ ᠶᠢᠨ 30 ᠤ ᠡᠳᠦᠷ |