ᠬᠤᠩ ᠴᠢ ᠪᠠᠯᠭᠠᠰᠤ᠄  ᠸᠠᠩ ᠸᠧᠢ ᠬᠤᠩ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2022/10/30
  10 ᠰᠠᠷ᠎ᠠ ᠶᠢᠨ 27 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ ᠨᠠᠷ  ᠬᠤᠩ ᠴᠢ  ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ  ᠵᠢᠯᠤᠭᠤᠳᠴᠠᠢ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠤᠯᠭ᠎ᠠ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠵᠢᠴᠢ ᠬᠠᠮᠢᠶ᠎ᠠ ᠪᠦᠬᠦᠢ ᠠᠵᠢᠯᠲᠠᠨ ᠪᠠᠷ᠎ᠠ ᠪᠣᠯᠪᠠ᠃ ᠸᠠᠩ ᠸᠧᠢ ᠬᠤᠩ  ᠪᠠᠯᠭᠠᠰᠤᠨ ᠤ  ᠤᠳᠤᠷᠢᠳᠤᠯᠭ᠎ᠠ ᠪᠤᠯᠤᠨ ᠵᠢᠴᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠲᠠᠢ ᠶᠠᠷᠢᠯᠴᠠᠬᠤ ᠬᠤᠷᠠᠯ ᠬᠢᠵᠦ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠶᠡᠷᠦᠩᠬᠡᠢ ᠪᠠᠶᠢᠳᠠᠯ  ᠵᠢᠴᠢ  ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠲᠠᠩᠰᠠ ᠡᠪᠬᠡᠮᠡᠯ ᠢ ᠬᠤᠷᠢᠶᠠᠩᠭᠤᠶᠢᠯᠠᠨ ᠡᠮᠬᠢᠳᠭᠡᠭᠰᠡᠨ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠡᠷᠭᠡ ᠶᠢ  ᠨᠠᠷᠢᠨ ᠨᠢᠮᠪᠠᠢ ᠠᠰᠠᠭᠤᠨ ᠤᠶᠢᠯᠠᠭᠠᠭᠰᠠᠨ ᠤ ᠬᠠᠮᠳᠤ  ᠂ ᠲᠤᠬᠠᠢ ᠶᠢᠨ ᠲᠠᠯᠠᠪᠠᠢ ᠳᠤ ᠵᠢᠯᠤᠭᠤᠳᠬᠤ ᠰᠠᠨᠠᠯ ᠢᠶᠠᠨ ᠳᠤᠷᠠᠳᠴᠠᠢ᠃ ᠸᠠᠩ ᠸᠧᠢ ᠬᠤᠩ ᠴᠢᠬᠤᠯᠠᠴᠢᠯᠠᠬᠤ ᠳᠠᠭᠠᠨ᠂  ᠨᠢᠬᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ   ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠲᠦᠷᠦᠯ ᠤᠨ ᠠᠵᠢᠯ ᠢ ᠰᠠᠶᠢᠨ ᠬᠢᠵᠦ᠂ ᠨᠠᠮ ᠵᠠᠰᠠᠭ ᠤᠨ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠬᠦᠷᠭᠡᠯᠡᠨ᠂ ᠪᠡᠶ᠎ᠡ ᠪᠠᠷ ᠢᠶᠠᠨ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ︽ᠶᠡᠷᠦᠩᠬᠡᠢ ᠵᠢᠯᠣᠭᠤᠳᠤᠭᠴᠢ︾ ᠪᠣᠯᠬᠤ ᠬᠡᠷᠡᠭᠲᠡᠢ᠃  ᠬᠤᠶᠠᠷ ᠲᠤ ᠠᠰᠠᠭᠤᠳᠠᠯ ᠲᠠᠢ ᠡᠷᠦᠬᠡ ᠶᠢᠨ ᠵᠣᠷᠯᠣᠩ ᠤᠨ ᠦᠬᠡᠷᠡᠴᠢᠯᠡᠯᠳᠡ ᠶᠢᠨ ᠠᠵᠢᠯ ᠢ ᠰᠠᠶᠢᠨ ᠬᠢᠬᠦ ᠶᠢᠨ ᠬᠠᠮᠲᠤ᠂   ᠣᠷᠣᠰᠢᠨ ᠰᠠᠭᠤᠷᠢᠰᠢᠬᠤ ᠣᠷᠴᠢᠨ ᠲᠣᠭᠤᠷᠢᠨ  ᠤᠨ ᠴᠡᠭᠴᠡᠯᠡᠯᠳᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ 2023 ᠣᠨ ᠤ ᠵᠣᠷᠯᠣᠩ ᠤᠨ ᠦᠬᠡᠷᠡᠴᠢᠯᠡᠯᠳᠡ ᠶᠢᠨ  ᠡᠷᠡᠮᠡᠯᠵᠡᠯᠡᠨ ᠮᠡᠳᠡᠭᠦᠯᠬᠦ ᠠᠵᠢᠯ ᠢ  ᠰᠠᠶᠢᠨ ᠬᠢᠬᠦ ᠬᠡᠷᠡᠭᠲᠡᠢ᠃ ᠭᠤᠷᠪᠠ ᠳᠤ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ  ᠤᠨ ᠰᠢᠯᠭᠠᠨ ᠠᠪᠬᠤ ᠠᠵᠢᠯ ᠢ ᠰᠠᠶᠢᠨ ᠬᠢᠬᠦ ᠶᠢᠨ ᠬᠠᠮᠲᠤ ᠠᠵᠤ ᠦᠢᠯᠡᠰ ᠤᠨ ᠬᠥᠭᠵᠢᠯᠲᠡ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠪᠠᠷ ᠭᠤᠣᠯ ᠪᠤᠯᠭᠠᠨ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠤᠷᠢᠳᠴᠢᠯᠠᠨ ᠲᠥᠯᠥᠪᠵᠢᠭᠦᠯᠵᠦ ᠨᠥᠭᠡᠴᠡᠯᠡᠬᠦ ᠬᠡᠷᠡᠭᠲᠡᠢ᠃ ᠳᠥᠷᠪᠡ ᠳᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠰᠠᠶᠢᠨ ᠬᠢᠵᠦ᠂ ᠡᠯ᠎ᠡ ᠲᠦᠷᠦᠯ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠲᠣᠰᠬᠤᠨ ᠳᠤ ᠰᠠᠭᠤᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠪᠤ ᠳᠤ ᠡᠯ᠎ᠡ ᠱᠠᠲᠤᠨ ᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠠᠰᠠᠭᠤᠳᠠᠯ ᠢ  ᠲᠦᠷᠦᠯ ᠬᠤᠪᠢᠶᠠᠨ ᠳᠠᠩᠰᠠ ᠪᠠᠶᠢᠭᠤᠯᠬᠤ ᠶᠢᠨ ᠬᠠᠮᠲᠤ ᠨᠠᠷᠢᠨ ᠨᠢᠮᠪᠠᠢ ᠴᠡᠭᠴᠡᠯᠡᠨ ᠰᠠᠶᠢᠵᠢᠷᠠᠭᠤᠯᠵᠤ᠂  ᠳᠤᠲᠠᠭᠤᠳᠠᠯ ᠢ  ᠰᠠᠶᠢᠳᠤᠷ ᠨᠦᠬᠦᠪᠦᠷᠢᠯᠡᠨ᠂ ᠰᠠᠭᠤᠷᠢ ᠶᠢ ᠤᠯᠠᠮ ᠪᠠᠬᠢᠵᠢᠬᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠪᠡ᠃  ᠬᠤᠷᠠᠯ ᠲᠠᠷᠬᠠᠭᠰᠠᠨ ᠤ ᠳᠠᠷᠠᠭ᠎ᠠ᠂  ᠪᠠᠶᠢᠴᠠᠭᠠᠬᠤ ᠳᠤᠭᠤᠶᠢᠯᠠᠩ ᠤᠨ ᠬᠢᠨ ᠰᠢᠨ ᠵᠢᠶᠠᠨ ᠲᠣᠰᠬᠤᠨ ᠳᠤ ᠬᠦᠨᠵᠡᠬᠡᠶᠢᠷᠡᠵᠦ ᠳᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号