ᠯᠢ ᠱᠣᠣ ᠯᠢᠨ ᠪᠤᠤᠴᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠢᠯᠭᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/10/30
  10 ᠰᠠᠷ᠎ᠠ ᠶᠢᠨ 27 ᠤ ᠡᠳᠦᠷ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ ᠵᠡᠷᠭᠡ ᠬᠦᠮᠦᠰ ᠪᠤᠤᠴᠠᠩ ᠪᠠᠯᠭᠠᠰᠤᠨ ᠳᠤ ᠬᠦᠨᠵᠡᠬᠡᠶᠢᠷᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠨ ᠰᠢᠯᠭᠠᠯᠲᠠ ᠵᠢᠴᠢ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠣᠳᠣᠨ ᠲᠠᠰ ᠢ ᠬᠢᠨᠠᠨ ᠲᠣᠭᠲᠠᠭᠠᠬᠤ ᠠᠵᠢᠯ ᠢ ᠦᠷᠨᠢᠬᠦᠯᠵᠡᠢ᠃  ᠯᠢ ᠱᠣᠸ ᠯᠢᠨ ᠬᠤᠷᠠᠯ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠵᠢᠶᠦ᠋ᠨ ᠱᠧᠩ᠂ ᠵᠣᠬᠢᠶᠠᠨ ᠪᠠᠶᠢᠭᠤᠯᠬᠤ ᠭᠡᠰᠢᠭᠦᠨ ᠯᠢ ᠳ᠋ᠧ ᠱᠧᠩ ᠬᠤᠷᠠᠯ ᠳᠤ  ᠤᠷᠤᠯᠴᠠᠪᠠ᠃ ᠬᠤᠷᠠᠯ ᠳᠡᠭᠡᠷ᠎ᠡ᠂  ᠸᠠᠩ ᠵᠢᠶᠦ᠋ᠨ ᠱᠧᠩ ᠠᠴᠠ ᠰᠢᠯᠭᠠᠨ ᠦᠨᠡᠯᠡᠬᠦ ᠳᠤᠭᠤᠶᠢᠯᠠᠩ ᠳᠤ  ᠪᠤᠤᠴᠠᠩ ᠪᠠᠯᠭᠠᠰᠤᠨ ᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠢᠴᠢ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ  ᠮᠡᠳᠡᠬᠦᠯᠵᠡᠢ᠃ ᠯᠢ ᠱᠣᠣ ᠯᠢᠨ  ᠴᠢᠬᠤᠯᠠᠴᠢᠯᠠᠬᠤ ᠳᠠᠭᠠᠨ᠂ ᠨᠢᠭᠡ ᠳᠤ ︽ᠠᠷᠠᠳ ᠤᠨ ᠲᠥᠯᠥᠭᠡᠯᠡᠭᠴᠢᠳ ᠤᠨ ᠭᠡᠷ︾  ᠢ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂  ᠪᠠᠶᠢᠩᠭᠤᠵᠢᠭᠰᠠᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠴᠢᠩᠭ᠎ᠠ ᠠᠳᠬᠤᠨ ᠪᠣᠳᠠᠲᠠᠶᠢᠵᠢᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ  ᠂ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂︽ᠠᠷᠠᠳ ᠤᠨ ᠲᠥᠯᠥᠭᠡᠯᠡᠭᠴᠢᠳ ᠤᠨ ᠭᠡᠷ︾ ᠤᠨ ᠪᠦᠳᠦᠬᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠤᠶᠠᠷ ᠲᠤ ︽ᠠᠷᠠᠳ ᠤᠨ ᠲᠥᠯᠥᠭᠡᠯᠡᠭᠴᠢᠳ ᠤᠨ ᠭᠡᠷ︾  ᠬᠡᠮᠡᠬᠦ ᠲᠠᠪᠴᠠᠩ ᠢ ᠰᠠᠶᠢᠲᠤᠷ ᠠᠰᠢᠭᠯᠠᠵᠤ᠂ ᠬᠠᠮᠢᠶᠠᠷᠤᠯᠲᠠ ᠪᠠ ᠬᠡᠷᠡᠭᠯᠡᠯᠲᠡ ᠶᠢ  ᠴᠢᠩᠭᠠᠳᠬᠠᠨ᠂ ᠰᠤᠷᠤᠯᠴᠠᠯᠭ᠎ᠠ ᠪᠣᠯᠪᠠᠰᠤᠷᠠᠯ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠶᠢ ᠰᠠᠶᠢᠲᠤᠷ ᠠᠳᠬᠤᠨ᠂  ᠠᠷᠠᠳ ᠤᠨ ᠲᠥᠯᠥᠭᠡᠯᠡᠭᠴᠢᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ  ᠬᠠᠶᠢᠯᠳᠠ ᠡᠬᠦᠳᠦᠯᠳᠡ ᠶᠢ ᠲᠠᠰᠤᠷᠠᠯᠲᠠ ᠦᠭᠡᠢ ᠬᠢᠵᠦ᠂  ᠠᠷᠭ᠎ᠠ ᠲᠤᠷᠰᠢᠯᠭ᠎ᠠ ᠪᠠᠨ ᠳ᠋ᠦᠩᠨᠡᠨ ᠳᠡᠭᠡᠭᠰᠢᠯᠡᠭᠦᠯᠵᠦ᠂ ︽ᠠᠷᠠᠳ ᠤᠨ ᠲᠥᠯᠥᠭᠡᠯᠡᠭᠴᠢᠳ ᠤᠨ ᠭᠡᠷ︾ ᠤᠨ ᠡᠯ᠎ᠡ ᠲᠦᠷᠦᠯ ᠤᠨ ᠠᠵᠢᠯ ᠤᠨ ᠲᠡᠰ ᠳᠡᠪᠰᠢᠬᠦ ᠶᠢ ᠠᠬᠢᠭᠤᠯᠤᠨ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ︽ᠭᠤᠣᠯ ᠰᠠᠭᠤᠷᠢᠨ ᠭᠠᠵᠠᠷ︾᠂ ᠤᠯᠠᠨ ᠲᠦᠮᠡᠨ ᠲᠠᠢ ᠬᠠᠷᠢᠯᠴᠠᠬᠤ ︽ ᠰᠡᠳᠬᠢᠯ ᠤᠨ ᠬᠥᠭᠦᠷᠭᠡ︾  ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠳᠥᠷᠪᠡ ᠳᠤ 2022 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠮᠠᠯ ᠬᠤᠷᠠᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠡᠯᠡᠳᠬᠡᠯ ᠠᠵᠢᠯ ᠤᠨ ᠡᠯ᠎ᠡ ᠲᠦᠷᠦᠯ ᠤᠨ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ ᠬᠤᠷᠠᠯ ᠤᠨ ᠬᠤᠭᠤᠴᠠᠭᠠᠨ ᠳᠠᠬᠢ ᠡᠯ᠎ᠡ ᠲᠦᠷᠦᠯ ᠤᠨ ᠮᠡᠳᠡᠭᠦᠯᠦᠯᠲᠡ ᠪᠠ ᠮᠠᠲ᠋ᠧᠷᠢᠶᠠᠯ ᠲᠤᠭᠤᠷᠪᠢᠬᠤ ᠠᠵᠢᠯ ᠢ ᠰᠠᠶᠢᠨ ᠬᠢᠵᠦ᠂ ᠶᠡᠭᠡ ᠬᠤᠷᠠᠯ ᠤᠨ ᠤᠷᠤᠭᠰᠢᠲᠠᠢ ᠬᠤᠷᠠᠯᠳᠤᠬᠤ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠤᠨ ᠳᠠᠷᠠᠭ᠎ᠠ᠂ ᠰᠢᠯᠭᠠᠨ ᠦᠨᠡᠯᠡᠬᠦ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠵᠡᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号