2 ᠬᠦᠮᠦᠨ ᠬᠢᠵᠢᠭ ᠰᠡᠷᠭᠡᠶᠢᠯᠡᠬᠦ ᠠᠵᠢᠯ ᠤᠨ ᠡᠮᠬᠢ ᠵᠢᠷᠤᠮ ᠢ  ᠡᠪᠳᠡᠭᠡᠳ ᠰᠢᠳᠬᠡᠭᠳᠡᠪᠡ
ᠨᠡᠶᠢᠲᠡᠯᠡᠭᠰᠡᠨ ᠴᠠᠭ᠄
2022/10/8
  10 ᠰᠠᠷ᠎ᠠ ᠶᠢᠨ 5 ᠤ ᠡᠳᠦᠷ ᠤᠨ 18 ᠴᠠᠭ ᠤᠨ ᠦᠶ᠎ᠡ ᠪᠠᠷ᠂  ᠪᠤᠤᠴᠠᠩ ᠪᠠᠯᠭᠠᠰᠤᠨ ᠤ ᠲᠢᠶᠠᠨ ᠪᠦᠦ ᠮᠠᠰᠢᠨ ᠲᠡᠷᠭᠡᠨ ᠤ ᠠᠷᠠᠯᠵᠢᠶᠠᠨ ᠤ  ᠲᠤᠭᠤᠷᠢᠭ ᠤᠨ ᠰᠠᠭᠤᠭᠠᠯᠢ ᠠᠷᠠᠳ ᠵᠢᠶᠠ ᠣᠪᠣᠭᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ ᠤ ᠡᠷᠦᠬᠡ ᠳᠤ ᠣᠷᠣᠵᠤ ᠪᠠᠶᠢᠴᠠᠭᠠᠯᠳᠠ ᠬᠢᠭᠰᠡᠨ ᠳᠤ ᠬᠠᠨᠤᠮᠵᠢ ᠦᠭᠡᠢ ᠠᠴᠠ ᠪᠣᠯᠵᠤ᠂ ᠵᠠᠭᠤ ᠭᠠᠷᠤᠢ ᠭᠡᠰᠢᠬᠦᠨ ᠲᠠᠢ ᠸᠢᠴᠠᠲ ᠬᠤᠯᠪᠤᠭᠠᠨ ᠳᠤ ᠠᠵᠢᠯᠲᠠᠨ ᠢ ᠲᠤᠷᠤᠮᠵᠢᠯᠠᠨ ᠬᠠᠷᠢᠶᠠᠵᠤ ᠮᠠᠭᠤ ᠨᠥᠯᠥᠭᠡ  ᠭᠠᠷᠭᠠᠵᠠᠢ᠃  ᠪᠤᠤᠴᠠᠩ ᠪᠠᠯᠭᠠᠰᠤᠨ ᠤ ᠰᠢᠨ ᠬᠤᠸᠠ ᠲᠣᠮᠢᠯᠠᠭᠰᠠᠨ ᠰᠠᠯᠪᠤᠷᠢ ᠶᠢᠨ ᠬᠢᠨ  ᠡᠨᠡᠬᠦ ᠴᠢᠮᠡᠭᠡ  ᠶᠢ ᠣᠯᠣᠭᠰᠠᠨ ᠤ ᠳᠠᠷᠠᠭ᠎ᠠ ᠦᠳᠲᠡᠷ ᠲᠦᠷᠭᠡᠨ   ᠢᠶᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠭᠰᠠᠨ ᠪᠥᠭᠡᠳ ᠲᠤᠬᠠᠢ   ᠶᠢᠨ ᠬᠥᠮᠥᠨ ᠢ ᠬᠠᠤᠯᠢ ᠶᠤᠰᠤᠭᠠᠷ ᠲᠠᠭᠤᠳᠠᠵᠤ ᠰᠢᠭᠦᠨ ᠠᠰᠠᠭᠤᠭᠰᠠᠨ ᠳᠤ᠂  ᠵᠢᠶᠠ ᠤᠪᠤᠭᠳᠤ ᠬᠠᠤᠯᠢ ᠪᠤᠰᠤ ᠠᠵᠢᠯᠯᠠᠭ᠎ᠠ ᠪᠠᠨ ᠦᠨᠡᠨ ᠮᠥᠨ ᠢᠶᠠᠷ ᠨᠢ ᠥᠴᠢᠭᠯᠡᠭᠰᠡᠨ ᠪᠠᠶᠢᠨ᠎ᠠ᠃ ᠲᠤᠮᠢᠯᠠᠭᠰᠠᠨ ᠰᠠᠯᠪᠤᠷᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠯᠭᠤᠬᠤ ᠬᠠᠤᠯᠢ︾ ᠶᠢ  ᠦᠨᠳᠦᠰᠦᠯᠡᠵᠦ᠂ ᠵᠢᠶᠠ ᠣᠪᠣᠭᠲᠤ  ᠶᠢ 15 ᠡᠳᠦᠷ ᠲᠦᠷ ᠬᠤᠷᠢᠬᠤ ᠶᠢᠨ ᠬᠠᠮᠳᠤ 1000 ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠤᠯᠭᠤᠪᠠ᠃ 9 ᠰᠠᠷ᠎ᠠ ᠶᠢᠨ 30 ᠤ ᠡᠳᠦᠷ ᠤᠨ ᠣᠷᠣᠢ᠂   ᠪᠤᠤᠴᠠᠩ ᠪᠠᠯᠭᠠᠰᠤᠨ ᠤ ᠰᠠᠭᠤᠭᠠᠯᠢ ᠠᠷᠠᠳ ᠵᠠᠩ ᠣᠪᠣᠭᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠠᠮᠵᠢᠯᠴᠠᠬᠤ ᠦᠭᠡᠢ᠂   ᠲᠤᠰᠠᠭᠠᠷᠯᠠᠬᠤ  ᠲᠤᠭᠳᠠᠭᠠᠯ   ᠢ  ᠲᠤᠷ᠎ᠠ ᠪᠠᠷ ᠢᠶᠠᠨ ᠵᠦᠷᠢᠴᠡᠭᠰᠡᠨ ᠲᠤᠬᠠᠢ ᠮᠡᠳᠡᠬᠦᠯᠦᠯᠳᠡ ᠶᠢ ᠲᠤᠰᠴᠠᠢ᠃ ᠠᠷᠠᠳ ᠤᠨ ᠴᠠᠭᠳᠠᠭ᠎ᠠ ᠨᠠᠷ ᠲᠡᠷᠡ ᠳᠠᠷᠤᠢ ᠳᠤᠨᠢ ᠲᠤᠬᠠᠢ ᠶᠢᠨ ᠲᠠᠯᠠᠪᠤᠷ ᠲᠤ ᠬᠦᠷᠴᠦ  ᠪᠠᠶᠢᠴᠠᠭᠠᠨ ᠰᠢᠢᠳᠪᠦᠷᠢᠯᠡᠭᠰᠡᠨ ᠪᠦᠭᠡᠳ   ᠲᠤᠭᠬᠠᠢ ᠶᠢᠨ ᠬᠦᠮᠦᠨ ᠢ ᠬᠠᠤᠯᠢ ᠶᠣᠰᠣᠭᠠᠷ ᠳᠠᠭᠤᠳᠠᠵᠤ ᠪᠠᠶᠢᠴᠠᠭᠠᠯᠲᠠ ᠬᠢᠭᠰᠡᠨ ᠳᠤ  ᠵᠠᠩ ᠣᠪᠣᠭᠲᠤ ᠨᠡᠶᠢᠭᠡᠮ ᠲᠣᠭᠤᠷᠢᠭ ᠤᠨ ᠮᠡᠳᠡᠭᠳᠡᠯ ᠢ ᠣᠯᠣᠭᠰᠠᠨ ᠤ ᠳᠠᠷᠠᠭ᠎ᠠ ᠳᠤᠷ᠎ᠠ ᠪᠠᠷ ᠢᠶᠠᠨ ᠭᠡᠷ ᠠᠴᠠ ᠪᠠᠨ ᠭᠠᠷᠴᠤ ᠬᠥᠳᠡᠭᠡ ᠣᠴᠢᠭᠰᠠᠨ  ᠵᠢᠴᠢ ᠨᠡᠶᠢᠭᠡᠮ ᠲᠣᠭᠤᠷᠢᠭ ᠤᠨ ᠠᠵᠢᠯᠲᠠᠨ ᠤ ᠤᠲᠠᠰᠤ ᠶᠢ ᠲᠤᠰᠬᠤ ᠶᠢ ᠲᠡᠪᠴᠢᠭᠰᠡᠨ ᠵᠡᠷᠭᠡ ᠬᠠᠤᠯᠢ  ᠪᠤᠰᠤ ᠦᠢᠯᠡ ᠠᠵᠢᠯᠯᠠᠭ᠎ᠠ ᠪᠠᠨ ᠥᠴᠢᠭᠯᠡᠨ ᠮᠡᠳᠡᠷᠡᠭᠰᠡᠨ ᠪᠠᠶᠢᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠩ ᠣᠪᠣᠭᠲᠤ ᠶᠢᠨ  ᠡᠨᠡᠬᠦ ᠬᠠᠤᠯᠢ ᠪᠤᠰᠤ ᠠᠵᠢᠯᠯᠠᠭ᠎ᠠ ᠳᠤ ᠵᠠᠰᠠᠭ ᠵᠠᠬᠢᠷᠭᠠᠨ ᠤ ᠲᠤᠷᠭᠤᠭᠤᠯᠢ ᠰᠢᠳᠭᠡᠯ ᠤᠯᠭᠤᠪᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠨᠢ ᠬᠥᠮᠥᠨ ᠪᠦᠬᠦᠨ ᠤ ᠬᠠᠷᠢᠭᠤᠴᠠᠯᠭ᠎ᠠ ᠶᠤᠮ᠃ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ  ᠬᠦᠨᠳᠦ ᠬᠡᠴᠡᠭᠦᠦ ᠪᠠᠶᠢᠭ᠎ᠠ ᠪᠤᠯᠬᠤᠷ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠠᠵᠢᠯᠲᠠᠳ ᠲᠠᠢ ᠢᠳᠡᠪᠬᠢᠲᠡᠢ ᠬᠠᠮᠵᠢᠯᠴᠠᠨ ᠮᠡᠳᠡᠭᠡ ᠵᠠᠩᠭᠢ ᠶᠢ ᠬᠠᠷᠭᠤᠭᠤᠯᠤᠨ ᠳᠠᠩᠰᠠᠯᠠᠬᠤ᠂  ᠵᠠᠮ ᠮᠦᠷ ᠢ ᠪᠠᠶᠢᠴᠠᠭᠠᠨ ᠯᠠᠪᠯᠠᠬᠤ᠂ ᠲᠤᠰᠠᠭᠠᠷᠯᠠᠨ ᠠᠵᠢᠭᠯᠠᠬᠤ  ᠂ ᠪᠥᠭᠡᠮ ᠬᠦᠴᠢᠯ ᠤᠨ ᠪᠠᠶᠢᠴᠠᠭᠠᠯᠳᠠ ᠬᠢᠬᠦ ᠵᠡᠷᠭᠡ ᠠᠵᠢᠯ ᠤᠨ ᠠᠷᠭ᠎ᠠ ᠲᠦᠷᠢᠮ ᠢ ᠶᠤᠰᠤᠴᠢᠯᠠᠨ ᠭᠡᠷᠡᠭᠵᠢᠬᠦᠯᠬᠦ ᠶᠢ ᠬᠦᠰᠡᠵᠦ ᠪᠠᠶᠢᠨ᠎ᠠ  ᠃ ᠬᠠᠤᠯᠢ  ᠲᠦᠷᠢᠮ ᠵᠥᠷᠢᠴᠡᠭᠰᠡᠨ ᠶᠠᠯᠠᠲᠤ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号