ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2022/11/1
   10 ᠰᠠᠷ᠎ᠠ ᠶᠢᠨ 31 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠬᠤᠷᠠᠯᠳᠤᠵᠤ᠂  ᠬᠤᠰᠢᠭᠤ ᠤᠯᠤᠰ ᠳᠣᠶᠢᠷᠤ ᠶᠢᠨ ᠵᠦᠪᠯᠡᠯᠭᠡᠨ ᠤ ᠲᠡᠷᠢᠬᠦᠯᠡᠭᠴᠢ ᠶᠠᠩ ᠶᠢᠨ ᠮᠢᠩ ᠬᠤᠷᠠᠯ   ᠢ ᠡᠷᠭᠢᠯᠠᠵᠠᠢ᠃ ᠬᠤᠷᠠᠯ ᠲᠡᠭᠡᠷ᠎ᠡ᠂ ᠪᠠᠶᠢᠩᠭᠤ ᠶᠢᠨ ᠬᠤᠷᠢᠶᠠᠨ ᠤ ᠭᠤᠷᠪᠠᠳᠤᠭᠠᠷ ᠬᠤᠷᠠᠯ ᠤᠨ ᠵᠥᠪᠯᠡᠬᠦ ᠵᠦᠢᠯ ︵ᠲᠥᠰᠥᠯ︶ ᠢ ᠬᠢᠨᠠᠨ ᠵᠥᠪᠯᠡᠵᠦ ᠪᠠᠳᠤᠯᠠᠭᠰᠠᠨ ᠪᠦᠭᠡᠳ ︽ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠳ ᠢ ᠨᠡᠮᠡᠵᠦ ᠨᠥᠬᠦᠬᠦ ᠲᠤᠬᠠᠢ ᠤᠴᠢᠷ ᠶᠠᠪᠤᠳᠠᠯ︾ ᠂ ︽ᠲᠠᠶᠢᠹᠤᠰᠧ ᠬᠤᠰᠢᠭᠤᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ︽ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢ ᠬᠢᠭᠰᠡᠨ᠂ ᠣᠷᠣᠭᠤᠯᠤᠯᠲᠠ ᠪᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ  ᠲᠡᠬᠦᠯᠳᠡᠷᠵᠢᠬᠦᠯᠦᠭᠰᠡᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ︽ ᠲᠠᠶᠢᠹᠤᠰᠧ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠬᠢᠨᠠᠨ ᠵᠦᠪᠯᠡᠪᠡ᠃ ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠡᠷᠭᠡᠪᠰᠢ ᠠᠷᠠᠳ ᠤᠨ ᠠᠮᠢᠳᠤᠷᠠᠯ ᠢ ᠬᠠᠯᠠᠮᠵᠢᠯᠠᠬᠤ ᠶᠢ ᠡᠬᠦᠷᠢᠳᠡ ᠪᠠᠷᠢᠮᠳᠠᠯᠠᠨ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠲᠠᠢ ᠤᠶᠠᠯᠳᠤᠭᠤᠯᠵᠤ ᠪᠠᠶᠢᠭᠠᠳ ᠪᠠᠶᠢᠴᠠᠭᠠᠨ ᠰᠤᠳᠤᠯᠤᠯᠲᠠ ᠶᠢ ᠢᠯᠡᠭᠦᠬᠡᠨ ᠬᠢᠵᠦ᠂ ᠬᠠᠨᠳᠤᠯᠭᠠᠲᠤ ᠴᠢᠨᠠᠷᠲᠠᠢ᠂  ᠪᠦᠳᠦᠮᠵᠢᠳᠦ ᠴᠢᠨᠠᠷᠳᠠᠢ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠬᠡᠳᠬᠡᠨ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ  ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠬᠠᠷᠢᠭᠤᠴᠠᠯᠭ᠎ᠠ ᠪᠠᠨ  ᠨᠠᠷᠢᠨ ᠨᠢᠮᠪᠠᠢ ᠭᠦᠢᠴᠡᠳᠬᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠰᠡᠴᠡᠨᠴᠣᠭᠲᠤ᠂ ᠯᠢᠦ ᠲᠢᠩ ᠰᠢᠸ᠂ ᠴᠢ ᠵᠢᠦ ᠴᠧᠩ᠂ ᠵᠣᠣ ᠶᠦᠩ᠂ ᠢᠦᠢ ᠴᠧᠩ ᠭᠦᠸᠧ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠵᠤ᠂ ᠬᠠᠮᠢᠶ᠎ᠠ ᠪᠦᠬᠦᠢ ᠲᠤᠰᠬᠠᠢ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号