ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠠᠷᠯᠠᠯ ︵109 ᠲᠤᠭᠠᠳᠤ︶
ᠨᠡᠶᠢᠲᠡᠯᠡᠭᠰᠡᠨ ᠴᠠᠭ᠄
2022/11/1
 ᠣᠳᠣᠬᠠᠨ ᠳᠤ ᠮᠠᠨ ᠤ ᠬᠤᠰᠢᠭᠤᠨ ᠤ ᠡᠷᠬᠢᠨ ᠲᠣᠭᠤᠷᠢᠨ ᠳᠠᠬᠢ ᠭᠠᠵᠠᠷ ᠣᠷᠣᠨ ᠤ ᠬᠢᠵᠢᠭ ᠤᠨ ᠪᠠᠶᠢᠳᠠᠯ ᠲᠤᠶᠢᠯ ᠤᠨ ᠬᠦᠨᠳᠦ ᠮᠦᠷᠳᠡᠭᠡᠨ ᠪᠤᠳᠤᠯᠢᠶᠠᠨᠲᠠᠢ ᠪᠠᠶᠢᠭ᠎ᠠ ᠪᠤᠯᠬᠤᠷ᠂ ᠮᠠᠨ ᠤ ᠬᠤᠰᠢᠭᠤᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ  ᠰᠠᠶᠢᠨ ᠬᠢᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠨᠥᠳᠥᠷ ᠠᠴᠠ  ᠡᠬᠢᠯᠡᠭᠡᠳ ᠪᠦᠭᠦ ᠬᠤᠰᠢᠭᠤᠨ ᠤ ᠤᠬᠢᠶᠠᠯᠭ᠎ᠠ ᠶᠢᠨ ᠭᠠᠵᠠᠷ᠂ ᠠᠷᠢᠬᠢᠨ ᠪᠠᠭᠠᠷ᠂ KTV᠂ ᠪᠥᠵᠢᠭ ᠤᠨ ᠲᠢᠩᠬᠢᠮ᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ ᠴᠢᠴᠢᠭᠦᠷ ᠪᠥᠮᠪᠦᠭᠡ ᠶᠢᠨ ᠲᠢᠩᠬᠢᠮ ᠵᠢᠴᠢ ᠪᠤᠰᠤᠳ ᠵᠦᠢᠯ ᠤᠨ ᠨᠠᠭᠠᠳᠤᠮ ᠴᠡᠩᠭᠡᠬᠦᠨ ᠤ  ᠲᠠᠯᠠᠪᠤᠷ ᠤᠨ ᠡᠵᠡᠩᠨᠡᠯᠲᠡ ᠶᠢ ᠲᠦᠷ  ᠵᠤᠭᠰᠤᠭᠠᠬᠤ ᠪᠠᠷ ᠲᠤᠭᠳᠠᠪᠠ ︵ᠳᠠᠭᠤᠤ ᠬᠦᠭᠵᠢᠮ  ᠲᠠᠢ ᠰᠢᠷᠠᠮᠠᠯ ᠤᠨ ᠪᠠᠭᠠᠷ ᠨᠢ ᠵᠥᠪᠬᠡᠨ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠵᠤ ᠪᠤᠯᠤᠨ᠎ᠠ︶᠃ ᠡᠯ᠎ᠡ ᠵᠦᠢᠯ ᠤᠨ ᠬᠤᠷᠢᠮ ᠨᠠᠶᠢᠷ᠂ ᠪᠠᠶᠠᠷ ᠶᠣᠰᠣᠯᠠᠯ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ ᠶᠢ ᠦᠷᠭᠦᠯᠵᠢᠯᠡᠨ ᠵᠤᠭᠰᠤᠭᠠᠨ᠎ᠠ᠃ ᠡᠵᠡᠩᠨᠡᠯᠲᠡ ᠰᠡᠷᠭᠦᠭᠡᠬᠦ ᠪᠤᠳᠠᠳᠠᠢ ᠴᠠᠭ ᠢ ᠬᠢᠵᠢᠭ ᠤᠨ ᠪᠠᠶᠢᠳᠠᠯ ᠢ ᠦᠵᠡᠵᠦ ᠪᠠᠶᠢᠭᠠᠳ ᠲᠠᠬᠢᠵᠤ ᠮᠡᠳᠡᠭᠳᠡᠨ᠎ᠡ᠃                               ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ             ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠵᠢᠯᠤᠭᠤᠳᠬᠤ ᠭᠠᠵᠠᠷ                      2022 ᠣᠨ ᠤ 10 ᠰᠠᠷ᠎ᠠ ᠶᠢᠨ 31 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号