ᠪᠤᠤᠴᠠᠩ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2022/11/1
   ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠨ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠦᠲᠦᠮᠵᠢ ᠶᠢ ᠴᠠᠭ ᠲᠤᠬᠠᠢ ᠳᠤᠨᠢ ᠰᠢᠯᠭᠠᠨ ᠪᠠᠶᠢᠴᠠᠭᠠᠬᠤ ᠶᠢᠨ ᠲᠥᠯᠥᠭᠡ᠂ 10 ᠰᠠᠷ᠎ᠠ ᠶᠢᠨ 28 ᠤ ᠡᠳᠦᠷ ᠪᠤᠤᠴᠠᠩ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠣᠯᠪᠠᠰᠤᠷᠠᠯ ᠡᠷᠬᠢᠯᠡᠪᠡ᠃  ᠳᠡᠳ᠋  ᠪᠠᠯᠭᠠᠰᠤᠨ ᠳᠠᠷᠤᠭ᠎ᠠ ᠯᠢᠦ ᡁᠢ ᠴᠢᠶᠠᠩ ᠪᠤᠯᠪᠠᠰᠤᠷᠠᠯ ᠤᠨ ᠬᠤᠷᠠᠯ ᠢ ᠡᠷᠭᠢᠯᠡᠵᠦ᠂ ᠪᠠᠯᠭᠠᠰᠤ᠂ ᠲᠣᠰᠬᠤᠨ ᠬᠤᠶᠠᠷ ᠱᠠᠲᠤᠨ ᠤ ᠭᠠᠯ ᠰᠡᠷᠭᠡᠶᠢᠯᠡᠬᠦ ᠠᠩᠭᠢ ᠶᠢᠨ 37 ᠭᠡᠰᠢᠭᠦᠨ ᠪᠣᠯᠪᠠᠰᠤᠷᠠᠯ ᠳᠤ ᠣᠷᠣᠯᠴᠠᠵᠠᠢ  ᠃ ᠯᠢᠦ ᡁᠢ ᠴᠢᠶᠠᠩ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠶᠡᠷᠦ ᠶᠢᠨ ᠮᠡᠳᠡᠯᠭᠡ᠂ ᠭᠠᠯ ᠤᠨᠲᠠᠷᠠᠭᠠᠬᠤ ᠦᠨᠳᠦᠰᠦᠨ ᠠᠷᠭ᠎ᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂  ᠡᠯ᠎ᠡ ᠲᠣᠰᠬᠤᠨ ᠤ ᠭᠠᠯ ᠰᠡᠷᠭᠡᠶᠢᠯᠡᠬᠦ ᠠᠵᠢᠯᠳᠠᠨ᠂ ᠤᠢ ᠮᠤᠳᠤ ᠬᠠᠮᠠᠭᠠᠯᠠᠬᠤ ᠠᠵᠢᠯᠳᠠᠨ ᠳᠤ ᠭᠠᠯ ᠰᠡᠷᠭᠡᠶᠢᠯᠡᠬᠦ ᠪᠠ ᠭᠠᠯ ᠤᠨᠲᠠᠷᠠᠭᠠᠬᠤ ᠬᠢᠴᠢᠶᠡᠯ ᠲᠠᠶᠢᠯᠤᠮᠵᠢ ᠬᠢᠭᠰᠡᠨ   ᠪᠦᠭᠡᠳ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ ᠰᠢᠦᠢ ᠪᠦᠦ ᠲᠦᠩ ᠠᠴᠠ ᠬᠤᠷᠠᠯ ᠳᠤ ᠣᠷᠣᠯᠴᠠᠭᠰᠠᠨ ᠠᠵᠢᠯᠳᠠᠳ ᠢ ᠨᠢᠭᠤᠷᠳᠠᠨ ᠵᠢᠯᠤᠭᠤᠳᠬᠤ ᠬᠡᠯᠪᠡᠷᠢ ᠪᠠᠷ ᠣᠯᠠᠨ ᠤ ᠲᠤᠷᠠᠳᠤᠭᠰᠠᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠶᠢ ᠤᠯᠠᠮ ᠪᠠᠳᠤᠳᠬᠠᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠢᠯᠭᠠᠯᠲᠠ ᠶᠢᠨ ᠬᠠᠭᠤᠳᠠᠰᠤ ᠶᠢ ᠲᠠᠷᠬᠠᠭᠠᠵᠤ  ᠂ ︽ᠣᠶ ᠰᠢᠭᠤᠢ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠲᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠰᠣᠩᠭᠤᠬᠤ ᠰᠡᠳᠦᠪ᠂ ᠮᠠᠭᠠᠳᠯᠠᠬᠤ ᠰᠡᠳᠦᠪ ᠤᠨ ᠬᠡᠯᠪᠡᠷᠢ ᠪᠠᠷ ᠰᠢᠯᠭᠠᠯᠲᠠ ᠬᠢᠵᠡᠢ᠃  ᠠᠬᠤᠢ ᠲᠠᠯᠠᠪᠠᠢ ᠳᠤ ᠰᠢᠯᠭᠠᠯᠲᠠ ᠶᠢ ᠬᠢᠨᠠᠭᠰᠠᠨ ᠤ ᠳ᠋ᠦᠩ ᠳᠤ᠂ 37 ᠭᠠᠯ ᠰᠡᠷᠭᠡᠶᠢᠯᠡᠬᠦ ᠠᠵᠢᠯᠳᠠᠨ ᠤ ᠬᠢᠷᠢ ᠪᠦᠲᠦᠮᠵᠢ ᠨᠢ ᠪᠦᠷ 80 ᠬᠤᠪᠢ  ᠶᠢ  ᠲᠠᠪᠠᠵᠤ᠂  ᠬᠢᠷᠢ ᠲᠡᠩᠴᠡᠭᠰᠡᠨ ᠨᠣᠷᠮ᠎ᠠ  100 % ᠳᠤ ᠬᠦᠷᠪᠡ᠃  ᠡᠨᠡ ᠤᠳᠠᠭᠠᠨ ᠤ ᠪᠣᠯᠪᠠᠰᠤᠷᠠᠯ ᠢᠶᠠᠷ ᠲᠠᠮᠵᠢᠭᠠᠳ᠂  ᠭᠠᠯ ᠰᠡᠷᠭᠡᠶᠢᠯᠡᠬᠦ ᠠᠵᠢᠯᠳᠠᠳ ᠤᠨ ᠡᠭᠦᠷᠭᠡ ᠬᠠᠷᠢᠭᠤᠴᠠᠯᠭ᠎ᠠ ᠶᠢᠨ ᠤᠬᠠᠮᠰᠠᠷ ᠵᠢᠴᠢ ᠡᠳᠦᠷ ᠲᠤᠲᠤᠮ ᠤᠨ    ᠴᠠᠭᠳᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ᠂  ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠪᠦᠲᠦᠮᠵᠢᠲᠡᠶ ᠲᠡᠭᠡᠭᠰᠢᠯᠡᠬᠦᠯᠦᠭᠡᠳ᠂  ᠠᠶᠤᠯ ᠠᠴᠠ ᠡᠮᠦᠨ᠎ᠡ ᠴᠢᠩᠭ᠎ᠠ ᠰᠡᠷᠭᠡᠶᠢᠯᠡᠬᠦ᠂  ᠠᠶᠤᠯ ᠭᠠᠷᠪᠠᠯ ᠲᠦᠷᠭᠡᠨ ᠤᠨᠳᠠᠷᠠᠭᠠᠬᠤ ᠶᠢ  ᠪᠠᠲᠤᠯᠠᠵᠤ᠂   ᠭᠠᠯ ᠤᠨ ᠭᠠᠮᠰᠢᠭ ᠢ ᠰᠡᠷᠭᠡᠶᠢᠯᠡᠬᠦ ᠪᠠ ᠤᠨᠲᠠᠷᠠᠭᠠᠬᠤ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号