ᠶᠦᠩ ᠹᠧᠩ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2022/11/1
 10 ᠰᠠᠷ᠎ᠠ ᠶᠢᠨ 31 ᠤ ᠡᠳᠦᠷ᠂ ᠶᠦᠩ ᠹᠧᠩ ᠪᠠᠯᠭᠠᠰᠤ  ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ  2022 ᠣᠨ ᠤ 17 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ   ᠢ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠡᠷᠬᠢᠯᠡᠨ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠬᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠰᠦᠨ ᠬᠠᠢ ᠹᠧᠩ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ︾ ᠢ ᠳᠠᠭᠠᠭᠤᠯᠤᠨ ᠰᠤᠷᠤᠯᠴᠠᠵᠤ᠂ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠵᠠᠩ ᠶᠦᠩ ᠯᠢ ᠠᠴᠠ ᠰᠢᠯᠢ ᠶᠢᠨ ᠭᠤᠤᠯ ᠠᠶᠢᠮᠠᠭ ᠤᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ  ᠺᠠᠳ᠋ᠷᠴᠤᠳ ᠤᠨ ᠶᠡᠭᠡ ᠬᠤᠷᠠᠯ︾  ᠲᠡᠭᠡᠷᠡᠬᠢ ᠶᠤᠤ ᠶᠦᠩ ᠪᠦᠸᠧ ᠱᠦᠵᠢ ᠶᠢᠨ  ᠶᠠᠷᠢᠶᠠᠨ ᠤ ᠠᠭᠤᠯᠭ᠎ᠠ ᠶᠢ ᠳᠠᠭᠠᠭᠤᠯᠤᠨ ᠰᠤᠷᠤᠯᠴᠠᠪᠠ᠃ ᠰᠦᠨ ᠬᠠᠢ ᠹᠧᠩ ᠶᠠᠷᠢᠶᠠᠨ  ᠳᠠᠭᠠᠨ᠂  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠲᠦᠷᠦᠭᠦᠯᠡᠨ ᠰᠤᠷᠤᠯᠴᠠᠬᠤ ᠶᠢ ᠪᠠᠷᠢᠮᠲᠠᠯᠠᠵᠤ᠂ ᠪᠦᠬᠦ ᠪᠠᠯᠭᠠᠰᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠳᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠭᠤᠣᠯᠳᠠᠯᠭ᠎ᠠ ᠲᠠᠢ ᠠᠭᠤᠯᠭ᠎ᠠ ᠪᠤᠯᠭᠠᠨ  ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠨᠠᠮ ᠤᠨ ᠡᠭᠦᠷ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠢᠬᠡᠪᠦᠷᠢ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠢᠯᠡᠳᠬᠡᠯ ᠤᠨ ᠤᠭ ᠵᠣᠬᠢᠶᠠᠯ ᠢ ᠨᠠᠷᠢᠨ ᠨᠢᠮᠪᠠᠢ ᠤᠩᠰᠢᠵᠤ ᠂  ᠣᠶᠢᠯᠠᠭᠠᠯᠲᠠ ᠲᠠᠨᠢᠯᠲᠠ ᠪᠠᠨ ᠬᠦᠨᠵᠡᠬᠡᠶᠢᠷᠡᠬᠦᠯᠦᠨ᠂ ᠭᠤᠣᠯ ᠴᠢᠬᠤᠯᠠ ᠠᠭᠤᠯᠭ᠎ᠠ ᠶᠢ ᠡᠵᠡᠮᠰᠢᠵᠦ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号