ᠬᠤᠩ ᠴᠢ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/1
   10 ᠰᠠᠷ᠎ᠠ ᠶᠢᠨ 28  ᠤ ᠡᠳᠦᠷ᠂  ᠬᠤᠩ ᠴᠢ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂  ᠬᠤᠷᠢᠳᠤᠭᠠᠷ ᠶᠡᠭᠡ ᠬᠤᠷᠠᠯ ᠤᠨ ᠢᠯᠡᠳᠬᠡᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃ ᠪᠠᠯᠭᠠᠰᠤᠨ ᠤ ᠤᠳᠤᠷᠢᠳᠬᠤ ᠪᠠᠭ  ᠤᠨ ᠭᠡᠰᠢᠬᠦᠳ ᠪᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠤᠷᠤᠯᠴᠠᠵᠠᠢ᠃ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷᠡᠬᠢ  ᠶᠡᠷᠦᠩᠬᠡᠢ ᠱᠦᠵᠢ ᠰᠢ ᠶᠢᠨ ᠫᠢᠩ ᠤᠨ ᠢᠯᠡᠳᠬᠡᠯ ᠪᠠ ᠲᠡᠭᠦᠰᠬᠦ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ  ᠢᠯᠡᠳᠭᠡᠯ ᠤᠨ ᠲᠤᠬᠠᠢ ᠰᠢᠢᠳᠪᠦᠷᠢ᠂   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶︾   ᠤᠨ ᠲᠤᠬᠠᠢ ᠰᠢᠢᠳᠪᠦᠷᠢ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠵᠡᠷᠭᠡ ᠶᠢ ᠤᠯᠠᠮᠵᠢᠯᠠᠨ ᠰᠤᠷᠤᠯᠴᠠᠭᠰᠠᠨ ᠤ ᠬᠠᠮᠲᠤ᠂ ᠲᠤᠰ ᠪᠠᠯᠭᠠᠰᠤᠨ ᠤ   ᠪᠠᠨ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠳᠤ ᠪᠠᠶᠢᠷᠢᠯᠠᠭᠤᠯᠤᠯᠳᠠ ᠬᠢᠪᠡ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠶᠠᠷᠢᠶᠠᠨ ᠳᠠᠭᠠᠨ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠠᠵᠢᠯᠳᠠᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠷᠢᠨ ᠨᠢᠭᠲᠠ  ᠪᠠᠶᠢᠷᠢᠯᠠᠭᠤᠯᠤᠨ᠂ ᠤᠨᠤᠯ ᠢ ᠦᠢᠯᠡᠳᠦᠯᠭᠡ ᠲᠠᠢ ᠤᠶᠠᠯᠳᠤᠭᠤᠯᠵᠤ᠂  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠭᠡᠷᠡᠭᠳᠡᠢ᠃ ᠨᠢᠭᠡ ᠳᠤ ᠰᠤᠷᠤᠯᠴᠠᠯᠭ᠎ᠠ ᠶᠢ ᠲᠤᠪᠤᠶᠢᠮ᠎ᠠ ᠰᠠᠶᠢᠨ ᠠᠳᠬᠤᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ  ᠤᠶᠢᠯᠠᠭᠠᠬᠤ ᠭᠡᠷᠡᠭᠳᠡᠢ᠃  ᠬᠠᠮᠳᠤ ᠳᠠᠭᠠᠨ ᠰᠤᠷᠤᠯᠴᠠᠬᠤ᠂ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠢᠰᠲ᠋ᠧᠮ ᠲᠠᠢ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ  ᠭᠡᠷᠡᠭᠳᠡᠢ᠃ ᠬᠤᠶᠠᠷ ᠲᠤ ᠤᠬᠠᠭᠤᠯᠭ᠎ᠠ ᠲᠠᠶᠢᠯᠤᠮᠵᠢ ᠶᠢ ᠲᠤᠪᠤᠶᠢᠮ᠎ᠠ ᠰᠠᠶᠢᠨ ᠠᠳᠬᠤᠵᠤ᠂ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃  ᠤᠷᠢᠶ᠎ᠠ ᠯᠤᠽᠦ᠋ᠩ᠂ ᠷᠠᠳᠢᠤ᠋ ᠨᠡᠪᠳᠡᠷᠡᠬᠦᠯᠬᠡ᠂ ᠸᠢᠴᠠᠲ ᠲᠠᠪᠴᠠᠩ ᠪᠠ ᠲᠦᠪᠯᠡᠷᠡᠭᠰᠡᠨ ᠤᠬᠠᠭᠤᠯᠭ᠎ᠠ ᠲᠠᠶᠢᠯᠤᠮᠵᠢ ᠶᠢᠨ ᠬᠡᠯᠪᠡᠷᠢ ᠪᠠᠷ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂  ᠪᠣᠷᠣᠭᠵᠢᠭᠤᠨ ᠤᠶᠢᠯᠠᠭᠠᠮᠵᠢᠳᠠᠢ ᠬᠡᠯᠡ ᠬᠡᠯᠡᠯᠭᠡ ᠪᠠᠷ  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠯᠠᠨ ᠲᠦᠮᠡᠨ ᠳᠤ ᠲᠠᠶᠢᠯᠪᠤᠷᠢᠯᠠᠨ  ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠦᠮᠦᠨ ᠪᠦᠬᠦᠨ ᠤ ᠰᠡᠳᠬᠢᠯ ᠳᠤ ᠬᠠᠳᠠᠩᠰᠢᠭᠤᠯᠬᠤ ᠭᠡᠷᠡᠭᠳᠡᠢ᠃ ᠭᠤᠷᠪᠠ ᠳᠤ ᠨᠠᠶᠢᠳᠠᠪᠤᠷᠢᠵᠢᠭᠤᠯᠤᠯᠲᠠ ᠶᠢ ᠲᠤᠪᠤᠶᠢᠮ᠎ᠠ ᠰᠠᠶᠢᠨ ᠠᠳᠬᠤᠵᠤ᠂ ᠪᠠᠷᠢᠮᠵᠢᠶ᠎ᠠ ᠶᠤᠰᠤᠭᠠᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠲᠡᠮᠡᠴᠡᠯ ᠤᠨ ᠬᠠᠷᠠᠯᠲᠠ ᠪᠣᠯᠣᠨ ᠭᠤᠣᠯ ᠡᠭᠦᠷᠭᠡ ᠲᠠᠢ ᠪᠦᠬᠦ ᠲᠠᠯ᠎ᠠ  ᠪᠠᠷ ᠬᠠᠷᠭᠤᠭᠤᠯᠵᠤ᠂ ᠪᠠᠯᠭᠠᠰᠤᠨ ᠤ ᠨᠠᠮ ᠵᠠᠰᠠᠭ ᠤᠨ ᠣᠷᠳᠣᠨ ᠤ ᠭᠤᠣᠯ ᠠᠵᠢᠯ ᠯᠤᠭ᠎ᠠ ᠨᠢᠭᠲᠠ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ  ᠨᠠᠷᠢᠯᠢᠭ ᠤᠨᠤᠪᠴᠢᠳᠠᠢ ᠠᠳᠬᠤᠨ᠂ ᠣᠷᠭᠢᠯᠤᠮ᠎ᠠ ᠬᠠᠯᠠᠭᠤᠨ ᠰᠡᠳᠬᠢᠯᠭᠡ᠂  ᠴᠢᠷᠮᠠᠶᠢᠨ ᠲᠡᠮᠡᠴᠡᠬᠦ ᠵᠣᠷᠢᠭ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠦᠴᠦᠨ ᠪᠠ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ  ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号