ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠳᠠᠭᠤᠰᠪᠠ
ᠨᠡᠶᠢᠲᠡᠯᠡᠭᠰᠡᠨ ᠴᠠᠭ᠄
2022/11/10
  ᠣᠶᠢᠷ᠎ᠠ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠠᠮᠵᠢᠯᠳᠠᠳᠠᠢ ᠲᠠᠭᠤᠰᠴᠤ᠂ ᠡᠯ᠎ᠡ ᠪᠠᠶᠢᠴᠠᠭᠠᠬᠤ ᠳᠤᠭᠤᠶᠢᠯᠠᠩ ᠤᠨ  ᠬᠢᠨ ᠲᠤᠰᠪᠤᠷᠢ ᠠᠷᠠᠳ ᠤᠨ ᠶᠠᠪᠤᠳᠠᠯ ᠤᠨ ᠲᠣᠪᠴᠢᠶ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠵᠡᠷᠭᠡ 4 ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠴᠠᠭᠠᠯᠳᠠ ᠶᠢᠨ ᠪᠠᠶᠢᠳᠠᠯ ᠢ ᠬᠠᠷᠢᠭᠤ ᠲᠤᠰᠬᠠᠭᠰᠠᠨ ᠪᠠᠶᠢᠨ᠎ᠠ᠃ ᠬᠠᠷᠢᠭᠤ ᠲᠤᠰᠬᠠᠬᠤ ᠬᠤᠷᠠᠯ ᠲᠡᠭᠡᠷ᠎ᠡ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ   ᠤᠨ ᠲᠤᠭᠤᠷᠢᠨ  ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠶᠢᠴᠠᠭᠠᠭᠳᠠᠭᠰᠠᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ᠪᠠᠶᠢᠴᠠᠭᠠᠯᠳᠠ ᠶᠢᠨ ᠲᠤᠮᠳᠠ ᠢᠯᠡᠷᠡᠭᠦᠯᠦᠭᠰᠡᠨ ᠴᠢᠬᠤᠯᠠ ᠠᠰᠠᠭᠤᠳᠠᠯ ᠢ ᠮᠡᠳᠡᠭᠳᠡᠭᠰᠡᠨ ᠪᠥᠭᠡᠳ ᠲᠤᠭᠤᠷᠢᠨ ᠪᠠᠶᠢᠴᠠᠭᠠᠭᠰᠠᠨ ᠪᠠᠶᠢᠳᠠᠯ   ᠢ  ᠡᠳᠡᠭᠡᠷ ᠨᠢᠬᠡᠴᠡ ᠶᠢ ᠤᠳᠤᠷᠢᠳᠬᠤ ᠪᠠᠭ ᠲᠤ ᠬᠠᠷᠢᠭᠤ ᠲᠤᠰᠬᠠᠪᠠ᠃  ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠠᠴᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠷᠢᠭᠤ ᠲᠤᠰᠬᠠᠬᠤ ᠬᠤᠷᠠᠯ ᠳᠤ ᠣᠷᠣᠯᠴᠠᠵᠠᠢ᠃ ᠬᠠᠷᠢᠭᠤ ᠲᠤᠰᠬᠠᠯ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ ᠪᠠᠶᠢᠴᠠᠭᠠᠭᠳᠠᠭᠰᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ︽ᠲᠦᠷᠪᠡᠨ ᠤᠬᠠᠮᠰᠠᠷ︾ ᠢᠶᠠᠨ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢ  ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠠᠵᠢᠯ ᠨᠢ ᠰᠢᠨ᠎ᠡ ᠠᠬᠢᠴᠠ ᠰᠢᠨ᠎ᠡ ᠪᠦᠲᠦᠮᠵᠢ   ᠲᠠᠢ ᠪᠤᠯᠤᠭᠠᠳ᠂  ᠶᠡᠷᠦᠩᠬᠡᠢ  ᠳᠡᠭᠡᠨ  ᠠᠪᠴᠤ ᠬᠡᠯᠡᠪᠡᠯ ᠨᠠᠷᠢᠨ  ᠨᠢᠮᠪᠠᠢ ᠬᠠᠷᠢᠭᠤᠴᠠᠭᠰᠠᠨ᠂ ᠢᠳᠡᠪᠬᠢᠲᠡᠢ ᠪᠠᠷ ᠥᠭᠡᠳᠡᠯᠡᠨ ᠲᠠᠪᠰᠢᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠡᠢ ᠬᠡᠵᠦ ᠵᠢᠭᠠᠵᠤ ᠭᠠᠷᠭᠠᠪᠠ᠃   ᠬᠠᠷᠢᠭᠤ ᠲᠤᠰᠬᠠᠯ ᠳᠤ ᠪᠠᠰᠠ᠂  ᠵᠠᠷᠢᠮ ᠨᠢᠬᠡᠴᠡ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ  ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠪᠤᠳᠠᠳᠠᠢ  ᠲᠠᠢ ᠪᠠᠨ ᠤᠶᠠᠯᠳᠤᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠲᠤᠷᠤᠢ ᠪᠠᠶᠢᠵᠤ᠂ ᠡᠭᠦᠷᠭᠡ ᠬᠠᠷᠢᠭᠤᠴᠠᠯᠭ᠎ᠠ  ᠪᠠᠨ ᠬᠦᠢᠴᠡᠳᠭᠡᠬᠦ ᠲᠠᠯᠠᠪᠠᠷ ᠵᠦᠷᠢᠶ᠎ᠡ ᠲᠠᠢ ᠪᠠᠶᠢᠭ᠎ᠠ᠂  ᠵᠠᠷᠢᠮ ᠨᠢᠬᠡᠴᠡ ᠨᠢ ᠥᠭᠡᠷᠡᠴᠢᠯᠡᠯᠲᠡ   ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ   ᠶᠢ ᠲᠤᠶᠢᠯᠪᠤᠷᠢᠲᠠᠢ ᠨᠠᠶᠢᠳᠠᠪᠤᠷᠢᠵᠢᠭᠤᠯᠤᠭᠰᠠᠨ ᠦᠭᠡᠢ ᠪᠠᠶᠢᠭ᠎ᠠ  ᠂᡽ᠵᠠᠷᠢᠮ ᠨᠢᠬᠡᠴᠡ ᠨᠢ ᠠᠷᠠᠳᠴᠢᠯᠠᠯ ᠲᠥᠪᠯᠡᠷᠡᠯ ᠤᠨ ᠵᠠᠷᠴᠢᠮ ᠪᠠ ︽ᠭᠤᠷᠪᠠᠨ ᠴᠢᠬᠤᠯᠠ ᠨᠢᠭᠡ ᠲᠤᠮᠤ︾ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡ᠊ ᠪᠠᠶᠢᠭ᠎ᠠ᠂ ᠵᠠᠷᠢᠮ ᠨᠢᠬᠡᠴᠡ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ᠂ ᠨᠠᠮ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠠᠶᠢᠳᠤᠷ ᠭᠦᠢᠴᠡᠳᠬᠡᠭᠰᠡᠨ ᠦᠭᠡᠢ ᠪᠠᠶᠢᠭ᠎ᠠ ᠬᠡᠵᠦ  ᠪᠠᠶᠢᠴᠠᠭᠠᠯᠳᠠ ᠶᠢᠨ ᠲᠤᠮᠳᠠ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠢ  ᠵᠢᠭᠠᠵᠤ  ᠭᠠᠷᠭᠠᠭᠰᠠᠨ ᠪᠠᠶᠢᠨ᠎ᠠ  ᠃  ᠬᠠᠷᠢᠭᠤ ᠲᠤᠰᠬᠠᠬᠤ ᠬᠤᠷᠠᠯ  ᠠᠴᠠ᠂  ᠪᠠᠶᠢᠴᠠᠭᠠᠭᠳᠠᠭᠰᠠᠨ ᠨᠢᠭᠡᠴᠡ ᠤᠳ ᠨᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠴᠥᠬᠦᠷᠡᠰᠢ ᠦᠭᠡᠢ ᠬᠦᠨᠵᠡᠬᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠤ ᠲᠤᠤᠱᠳᠠᠢ ᠦᠢᠯᠡᠳᠦᠯᠬᠡᠵᠢᠬᠦᠯᠵᠦ᠂ ᠨᠠᠮ  ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ᠂ ᠤᠬᠠᠮᠰᠠᠷ ᠠᠴᠠ ᠪᠠᠨ ᠨᠠᠮ ᠤᠨ ᠰᠢᠨ᠎ᠡ   ᠶᠢ ᠡᠬᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃  ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠢ ᠰᠠᠨᠠᠯ︾  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ︾  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠴᠡᠭᠴᠡᠯᠡᠨ ᠰᠠᠶᠢᠵᠢᠷᠠᠭᠤᠯᠬᠤ ᠠᠵᠢᠯ ᠢ ᠨᠠᠮ ᠢ ᠬᠠᠮᠢᠶᠠᠷᠴᠤ ᠨᠠᠮ ᠢ ᠵᠠᠰᠠᠬᠤ᠂ ᠠᠵᠢᠯ ᠢᠶᠠᠨ ᠰᠠᠶᠢᠵᠢᠷᠠᠭᠤᠯᠵᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠤᠯᠭᠠᠨ᠂  ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠭᠤᠯᠤᠮᠵᠢ ᠶᠢ ᠲᠦᠷᠭᠡᠨ ᠪᠠᠶᠢᠭᠤᠯᠵᠤ᠂ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠵᠣᠬᠢᠶᠠᠨ  ᠪᠠᠶᠢᠭᠤᠯᠵᠤ ᠬᠤᠷᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠲᠦᠰᠦᠪ ᠪᠣᠯᠣᠨ ᠠᠰᠠᠭᠤᠳᠠᠯ ᠤᠨ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂  ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠡᠷᠬᠢᠯᠡᠨ ᠬᠤᠷᠠᠯᠳᠤᠭᠤᠯᠬᠤ ᠭᠡᠷᠡᠭᠳᠡᠢ  ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠡᠷᠬᠡᠪᠰᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠳᠤᠷᠢᠳᠬᠤ ᠪᠠᠭ ᠤᠨ ᠭᠡᠰᠢᠬᠦᠳ ᠨᠢ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂  ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂  ᠬᠢᠳᠤᠭᠠᠨ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠰᠢᠯᠲᠠᠭᠠᠨ ᠢ ᠭᠦᠨᠵᠡᠭᠡᠢ ᠡᠷᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠤᠨ᠂  ᠲᠤᠰᠬᠠᠭᠰᠠᠨ ᠠᠰᠠᠭᠤᠳᠠᠯ ᠨᠢᠬᠡᠪᠦᠷᠢ ᠶᠢ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ  ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠠᠰᠢᠭᠯᠠᠵᠤ᠂  ᠪᠠᠶᠢᠴᠠᠭᠠᠨ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠳᠦᠷᠢᠮ ᠢ ᠲᠡᠭᠦᠯᠳᠡᠷᠵᠢᠭᠦᠯᠬᠦ ᠶᠢ ᠠᠬᠢᠭᠤᠯᠤᠨ᠂ ᠦᠩᠭᠡᠨ ᠲᠠᠯ᠎ᠠ ᠪᠠ  ᠤᠭ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃   ᠪᠠᠶᠢᠴᠠᠭᠠᠭᠳᠠᠭᠰᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠡᠷ ᠢᠯᠡᠷᠭᠡᠶᠢᠯᠡᠬᠦ ᠳᠡᠭᠡᠨ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ   ᠢ ᠦᠨᠡᠨ ᠰᠡᠳᠬᠢᠯ ᠠᠴᠠ ᠪᠠᠨ ᠭᠥᠯᠢᠶᠡᠨ ᠠᠪᠴᠤ᠂  ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠶᠢ ᠲᠡᠷᠡ ᠬᠡᠪ ᠢᠶᠠᠷ ᠨᠢ ᠡᠷᠡᠰ ᠨᠠᠶᠢᠳᠠᠪᠤᠷᠢᠵᠢᠭᠤᠯᠤᠨ᠂  ᠪᠠᠶᠢᠴᠠᠭᠠᠯᠳᠠ ᠪᠠᠷ ᠴᠡᠭᠴᠡᠯᠡᠯᠳᠡ ᠶᠢ ᠠᠬᠢᠭᠤᠯᠵᠤ᠂ ᠴᠡᠭᠴᠡᠯᠡᠯᠳᠡ ᠪᠠᠷ  ᠲᠡᠭᠡᠭᠰᠢᠯᠡᠯᠳᠡ ᠶᠢ  ᠠᠬᠢᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠶᠢᠩᠭᠤ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠯ᠎ᠡ  ᠲᠦᠷᠦᠯ ᠤᠨ ᠠᠵᠢᠯ ᠤᠨ  ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠬᠡᠵᠡᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号