ᠲᠠᠶᠢᠹᠤᠰᠧ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/11/10
   ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠲᠠᠩᠰᠠ ᠡᠪᠬᠡᠮᠡᠯ ᠤᠨ ᠬᠠᠮᠢᠶᠠᠷᠤᠯᠲᠠ ᠤᠯᠠᠮ ᠨᠢᠭᠡ ᠠᠯᠬᠤᠮ ᠪᠠᠷᠢᠮᠵᠢᠶᠠᠵᠢᠭᠤᠯᠵᠤ ᠲᠦᠷᠢᠮᠵᠢᠬᠦᠯᠬᠦ ᠶᠢᠨ ᠲᠥᠯᠥᠭᠡ᠂ 11 ᠰᠠᠷ᠎ᠠ ᠶᠢᠨ 9 ᠤ ᠡᠳᠦᠷ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠲᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ᠂  ᠲᠤᠪᠴᠢᠶᠠᠨ ᠤ ᠬᠠᠮᠢᠶ᠎ᠠ ᠪᠦᠬᠦᠢ ᠠᠵᠢᠯᠳᠠᠨ ᠠᠴᠠ ᠠᠶᠢᠮᠠᠭ ᠲᠤ ᠬᠢᠭᠰᠡᠨ ᠪᠣᠯᠪᠠᠰᠤᠷᠠᠯ ᠤᠨ ᠠᠭᠤᠯᠭ᠎ᠠ ᠪᠠ ᠪᠥᠬᠦ ᠬᠤᠰᠢᠭᠤᠨ ᠤ ᠵᠣᠷᠯᠣᠩ ᠤᠨ ᠥᠭᠡᠷᠡᠴᠢᠯᠡᠯᠲᠡ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠯ᠎ᠡ ᠰᠤᠮᠤ ᠰᠢᠶᠠᠩ ᠪᠠᠯᠭᠠᠰᠤᠨ ᠤ ᠬᠠᠮᠢᠶ᠎ᠠ ᠪᠦᠬᠦᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯᠲᠠᠨ ᠳᠤ ᠰᠢᠰᠲ᠋ᠧᠮ ᠲᠠᠢ ᠪᠣᠯᠪᠠᠰᠤᠷᠠᠯ ᠬᠦᠷᠳᠡᠭᠡᠭᠰᠡᠨ ᠪᠠᠶᠢᠨ᠎ᠠ᠃ ᠬᠤᠷᠠᠯ ᠠᠴᠠ᠂  ᠮᠠᠯᠴᠢᠨ ᠲᠠᠷᠢᠶᠠᠴᠢᠨ ᠡᠷᠦᠬᠡ ᠶᠢᠨ ᠦᠪᠡᠷᠳᠡᠭᠡᠨ ᠪᠠᠶᠢᠭᠤᠯᠤᠭᠰᠠᠨ ᠵᠣᠷᠯᠣᠩ ᠢ ᠪᠠᠶᠢᠴᠠᠭᠠᠯᠳᠠ ᠶᠢᠨ ᠬᠡᠪᠴᠢᠶᠡᠨ ᠳᠤ ᠣᠷᠣᠭᠤᠯᠵᠤ᠂ ᠳᠠᠬᠢᠨᠲᠠ ᠪᠥᠬᠦ ᠲᠠᠯ᠎ᠠ ᠪᠠᠶᠢᠴᠠᠭᠠᠨ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃  ᠨᠤᠷᠠᠭᠠᠬᠤ ᠵᠤᠬᠢᠰᠳᠠᠢ ᠵᠤᠷᠯᠤᠩ ᠢ ᠪᠦᠬᠦᠨ ᠢ ᠨᠤᠷᠠᠭᠠᠵᠤ᠂ ᠢᠯᠠᠩᠭᠤᠶ᠎ᠠ ᠵᠠᠮ ᠤᠨ ᠬᠠᠵᠠᠭᠤ  ᠳᠠᠬᠢ ᠵᠣᠷᠯᠣᠩ ᠤᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠲᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠲ᠋ᠧᠷᠢᠶᠠᠯ ᠪᠦᠷᠢᠨ  ᠂ ᠲᠤᠭ᠎ᠠ ᠪᠠᠷᠢᠮᠲᠠ ᠦᠨᠡᠨ᠂ ᠪᠠᠶᠢᠳᠠᠯ ᠲᠣᠳᠣᠷᠬᠠᠢ ᠪᠠᠶᠢᠬᠤ ᠶᠢ ᠪᠡᠶᠡᠯᠡᠭᠦᠯᠵᠦ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ᠲᠠᠢ  ᠪᠠᠶᠢᠯᠭᠠᠨ ᠂ ︽ᠡᠷᠬᠢᠨ ᠬᠠᠷᠠᠬᠤ︾ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠠᠳᠤᠳᠬᠠᠵᠤ᠂ ᠲᠠᠩᠰᠠ ᠮᠠᠲ᠋ᠧᠷᠢᠶᠠᠯ ᠲᠤᠭ᠎ᠠ ᠪᠠᠷᠢᠮᠲᠠ ᠶᠢᠨ ᠨᠠᠷᠢᠯᠢᠭ ᠣᠨᠣᠪᠴᠢᠲᠠᠶ᠂ ᠦᠨᠡᠨ ᠪᠣᠳᠠᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ  ᠱᠠᠭᠠᠷᠳᠠᠪᠠ᠃ ᠡᠯ᠎ᠡ ᠰᠤᠮᠤ ᠰᠢᠶᠠᠩ  ᠪᠠᠯᠭᠠᠰᠤᠨ ᠤ ᠬᠠᠮᠢᠶ᠎ᠠ ᠪᠦᠬᠦᠢ ᠠᠵᠢᠯᠳᠠᠨ ᠬᠤᠷᠠᠯ ᠳᠤ  ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号