ᠬᠤᠩ ᠴᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/10
  11 ᠰᠠᠷ᠎ᠠ ᠶᠢᠨ 9 ᠤ ᠡᠳᠦᠷ᠂ ᠬᠤᠩ ᠴᠢ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠰᠬᠠᠢ ᠲᠣᠬᠢᠷᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠨᠢᠭᠡᠳᠦᠭᠡᠷ ᠱᠦᠵᠢ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂ ᠳᠡᠳ᠋ ᠪᠠᠯᠭᠠᠰᠤᠨ ᠤ ᠳᠠᠷᠤᠭ᠎ᠠ ᠵᠢᠶᠠ ᠶᠠᠨ ᠠᠴᠠ ᠲᠦᠭᠰᠢᠬᠦᠷᠢᠳᠡᠢ ᠭᠠᠵᠠᠷ ᠣᠷᠣᠨ᠂ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠳ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠵᠢᠴᠢ ᠡᠯ᠎ᠡ  ᠲᠦᠷᠦᠯ  ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠠᠯᠠᠪᠠᠷ ᠨᠠᠷᠢᠨ ᠨᠢᠮᠪᠠᠢ ᠪᠠᠶᠢᠷᠢᠯᠠᠭᠤᠯᠤᠯᠳᠠ ᠪᠠ  ᠪᠥᠬᠦ ᠲᠠᠯ᠎ᠠ  ᠶᠢᠨ ᠲᠠᠶᠢᠯᠤᠮᠵᠢ ᠬᠢᠪᠡ᠃  ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠵᠠᠩ ᠱᠧᠦ ᠴᠢᠶᠠᠩ ᠬᠤᠷᠠᠯ ᠡᠷᠬᠢᠯᠡᠬᠦ ᠶᠠᠷᠢᠶᠠᠨ ᠳᠠᠭᠠᠨ᠂  ᠲᠣᠰᠬᠤᠨ ᠤ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠨ᠂  ᠡᠯ᠎ᠡ  ᠭᠤᠭᠴᠤᠭᠠᠨ ᠤ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠢ ᠶᠠᠪᠤᠭᠳᠠᠭᠤᠯᠬᠤ ᠶᠢ  ᠡᠷᠡᠰ  ᠴᠡᠭᠡᠷᠯᠡᠬᠦ ᠬᠡᠷᠡᠭᠲᠡᠢ᠃  ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠦᠵᠡᠯ ᠤᠬᠠᠮᠰᠠᠷ ᠢ ᠪᠠᠲᠤ ᠪᠠᠬᠢ ᠪᠣᠶ ᠪᠤᠯᠭᠠᠨ᠂ ᠬᠥᠬᠡᠬᠤᠲᠠ ᠵᠡᠷᠭᠡ ᠭᠠᠵᠠᠷ ᠣᠷᠣᠨ ᠠᠴᠠ  ᠢᠷᠡᠭᠰᠡᠳ ᠢ ᠰᠢᠯᠵᠢᠭᠦᠯᠦᠨ ᠲᠡᠭᠡᠭᠡᠪᠦᠷᠢᠯᠡᠬᠦ ᠠᠵᠢᠯ ᠤᠨ ᠠᠶᠤᠯᠬᠦᠢ ᠮᠦᠷᠳᠡᠭᠡᠨ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃  ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠪᠠᠶᠢᠳᠠᠯ ᠢ ᠰᠠᠶᠢᠳᠤᠷ ᠠᠩᠬᠠᠷᠴᠤ᠂ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠡᠯ᠎ᠡ ᠲᠦᠷᠦᠯ ᠤᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢᠨ ᠬᠠᠮᠲᠤ ᠡᠳᠦᠷ ᠲᠤᠲᠤᠮ ᠤᠨ  ᠪᠠᠶᠢᠴᠠᠭᠠᠯᠳᠠ ᠶᠢ ᠦᠷᠭᠦᠯᠵᠢᠯᠡᠨ ᠴᠢᠩᠭᠠᠳᠬᠠᠵᠤ᠂ ᠲᠠᠩᠰᠠ ᠡᠪᠬᠡᠮᠡᠯ ᠢ ᠨᠢᠮᠪᠠᠢ ᠪᠠᠶᠢᠭᠤᠯᠤᠨ  ᠂  ᠡᠷᠭᠡᠪᠰᠢ ᠲᠤᠭ᠎ᠠ ᠪᠠᠷᠢᠮᠳᠠ ᠲᠤᠳᠤᠷᠬᠠᠢ᠂  ᠤᠴᠢᠷ ᠪᠠᠶᠢᠳᠠᠯ ᠲᠣᠳᠣᠷᠬᠠᠢ ᠪᠠᠶᠢᠬᠤ ᠶᠢ ᠪᠠᠳᠤᠯᠠᠬᠤ ᠬᠡᠷᠡᠭᠲᠡᠢ᠃  ᠡᠬᠦᠨ ᠤ ᠬᠠᠮᠳᠤ᠂ ︽ᠰᠢᠯᠢ ᠶᠢᠨ ᠡᠷᠡᠭᠦᠯ   ᠤᠨ ᠴᠤᠬᠤᠷ︾  ᠲᠤ ᠳᠠᠩᠰᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂  ᠲᠠᠯᠠᠪᠤᠷ ᠤᠨ ᠺᠤᠳ᠋ ᠭᠡᠷᠡᠭᠯᠡᠬᠦ ᠶᠢ  ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号