ᠶᠦᠩ ᠹᠧᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2022/11/10
   11 ᠰᠠᠷ᠎ᠠ ᠶᠢᠨ 9  ᠤ ᠡᠳᠦᠷ᠂ ᠶᠦᠩ ᠹᠥ᠋ᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ᠃ ᠨᠠᠮ ᠤᠨ ᠬᠤᠷᠢᠶᠠᠨ ᠤ ᠳᠡᠳ᠋ ᠱᠦᠵᠢ᠂  ᠪᠠᠯᠭᠠᠰᠤᠨ ᠳᠠᠷᠤᠭ᠎ᠠ ᠵᠠᠩ ᠶᠦᠩ ᠯᠢ ᠬᠤᠷᠠᠯ ᠢ ᠡᠷᠬᠢᠯᠡᠵᠦ᠂  ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠰᠦᠨ ᠬᠠᠢ ᠹᠧᠩ  ᠶᠠᠷᠢᠶᠠᠨ ᠳᠠᠭᠠᠨ᠂ ᠨᠢᠭᠡ ᠳᠤ ᠲᠣᠰᠬᠤᠨ ᠳᠤ ᠰᠠᠭᠤᠭ᠎ᠠ ᠡᠯ᠎ᠡ ᠠᠵᠢᠯᠯᠠᠬᠤ ᠠᠩᠭᠢ ᠪᠤᠯᠤᠨ ᠲᠣᠰᠬᠤᠨ ᠤ ᠤᠳᠤᠷᠢᠳᠬᠤ ᠪᠠᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠬᠡᠳᠬᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ  ᠲᠦᠷᠦᠯ ᠤᠨ ᠠᠵᠢᠯ ᠢ ᠰᠠᠶᠢᠲᠤᠷ ᠬᠢᠵᠦ᠂ ᠵᠢᠯ ᠤᠨ ᠡᠴᠦᠰ ᠤᠨ ᠰᠢᠯᠭᠠᠨ ᠪᠠᠶᠢᠴᠠᠭᠠᠯᠲᠠ ᠳᠤ ᠭᠦᠢᠴᠡᠳ ᠪᠡᠯᠡᠳᠬᠡᠯ ᠬᠢᠬᠦ ᠬᠡᠷᠡᠭᠲᠡᠢ ᠃ ᠬᠤᠶᠠᠷ ᠲᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠲᠣᠰᠬᠤᠨ ᠤ ᠨᠠᠮ ᠤᠨ ᠡᠬᠦᠷ ᠤᠨ ᠱᠦᠵᠢ ᠨᠠᠷ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠨ ᠰᠠᠬᠢᠯᠭ᠎ᠠ ᠪᠠᠲᠤ ᠶᠢ ᠰᠠᠬᠢᠵᠤ᠂ ᠶᠡᠭᠡ ᠪᠠᠶᠢᠳᠠᠯ ᠢ ᠲᠠᠨᠢᠵᠤ ᠶᠡᠭᠡ ᠲᠠᠯ᠎ᠠ ᠶᠢ  ᠪᠤᠳᠤᠯᠬᠢᠯᠠᠨ᠂ ᠬᠠᠷᠠᠯᠲᠠ ᠪᠠᠨ ᠪᠠᠳᠤ ᠡᠵᠡᠮᠳᠡᠬᠦ᠂ ᠠᠰᠠᠭᠤᠳᠠᠯ  ᠢᠶᠠᠨ ᠡᠷᠡᠰ ᠴᠡᠭᠴᠡᠯᠡᠬᠦ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠡᠯ᠎ᠡ ᠲᠦᠷᠦᠯ ᠤᠨ ᠠᠵᠢᠯ ᠡᠭᠦᠷᠭᠡ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠠᠵᠢᠯ ᠤᠨ ᠬᠠᠷᠢᠭᠤᠴᠠᠯᠭ᠎ᠠ ᠶᠢ ᠤᠯᠠᠮ  ᠪᠠᠲᠤᠳᠬᠠᠵᠤ᠂  ᠲᠠᠬᠢᠨ ᠶᠠᠳᠠᠭᠤᠷᠠᠬᠤ ᠶᠢ ᠰᠡᠷᠭᠡᠶᠢᠯᠡᠬᠦ  ᠬᠢᠨᠠᠯᠳᠠ ᠬᠡᠮᠵᠢᠯᠲᠡ᠂   ᠤᠰᠤ ᠤᠮᠳᠠ᠂  ᠣᠷᠣᠨ ᠰᠠᠭᠤᠴᠠ᠂ ᠡᠷᠡᠭᠦᠯ ᠮᠡᠨᠳᠦ ᠂ ᠠᠵᠤ ᠦᠢᠯᠡᠰ ᠵᠡᠷᠭᠡ ᠶᠢᠨ ᠲᠤᠭᠤᠷᠢᠨ ᠳᠤ ᠦᠷᠭᠦᠯᠵᠢᠯᠡᠨ ᠬᠦᠴᠦᠯᠡᠵᠦ᠂  ᠵᠦᠷᠢᠶ᠎ᠡ ᠲᠤᠳᠠᠭᠳᠠᠯ ᠲᠠᠢ ᠵᠦᠢᠯ ᠢᠶᠠᠨ ᠨᠥᠬᠦᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠵᠠᠩ ᠶᠦᠩ ᠯᠢ ᠪᠠᠶᠢᠷᠢᠯᠠᠭᠤᠯᠤᠯᠲᠠ ᠬᠢᠬᠦ ᠳᠡᠭᠡᠨ᠂  ᠨᠢᠭᠡ ᠳᠤ ᠬᠠᠷᠢᠭᠤ ᠲᠤᠰᠬᠠᠭᠰᠠᠨ ᠰᠠᠨᠠᠯ ᠯᠤᠭ᠎ᠠ ᠬᠠᠷᠢᠴᠠᠭᠤᠯᠵᠤ᠂  ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠰᠠᠶᠢᠨ ᠠᠳᠬᠤᠬᠤ ᠶᠢᠨ ᠬᠠᠮᠲᠤ ᠴᠡᠭ ᠢᠶᠠᠷ ᠨᠡᠶᠢᠳᠡᠮ ᠢ ᠳᠠᠶᠢᠴᠢᠯᠠᠨ᠂ ᠪᠥᠬᠦ ᠪᠠᠯᠭᠠᠰᠤᠨ ᠤ ᠬᠡᠪᠴᠢᠶᠡᠨ ᠳᠤ  ᠦᠪᠡᠷᠳᠡᠭᠡᠨ ᠪᠠᠶᠢᠴᠠᠭᠠᠵᠤ ᠦᠪᠡᠷᠳᠡᠭᠡᠨ ᠴᠡᠭᠴᠡᠯᠡᠬᠦ ᠠᠵᠢᠯ ᠢ ᠭᠦᠨᠵᠡᠭᠡᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠡᠷᠲᠡ ᠢᠯᠡᠷᠡᠬᠦᠯᠦᠨ᠂ ᠡᠷᠲᠡ ᠴᠡᠭᠴᠡᠯᠡᠵᠤ᠂ ᠡᠷᠲᠡ ᠠᠷᠢᠯᠭᠠᠬᠤ ᠬᠡᠷᠡᠭᠲᠡᠢ᠃ ᠬᠤᠶᠠᠷ ᠲᠤ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ  ᠂ ᠠᠵᠢᠯ ᠤᠨ ᠭᠤᠣᠯᠳᠠᠯᠭ᠎ᠠ ᠪᠠᠨ ᠲᠤᠳᠤᠷᠬᠠᠶᠢᠯᠠᠨ᠂ ᠡᠯ᠎ᠡ ᠲᠦᠷᠦᠯ ᠤᠨ ᠠᠵᠢᠯ ᠤᠨ ᠳᠠᠩᠰᠠ ᠡᠪᠬᠡᠮᠡᠯ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠠᠩᠰᠠ ᠮᠠᠲ᠋ᠧᠷᠢᠶᠠᠯ ᠢ ᠰᠠᠶᠢᠲᠤᠷ ᠡᠮᠬᠢᠯᠡᠨ᠂ ᠪᠠᠶᠢᠴᠠᠭᠠᠯᠲᠠ ᠶᠢ ᠤᠭᠲᠤᠬᠤ ᠡᠯ᠎ᠡ ᠲᠦᠷᠦᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ  ᠃ ᠭᠤᠷᠪᠠ ᠳᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠢ ᠦᠷᠨᠢᠬᠦᠯᠬᠦ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠠᠵᠢᠯ ᠲᠠᠢ ᠪᠠᠨ  ᠤᠶᠠᠯᠳᠤᠭᠤᠯᠵᠤ ᠪᠠᠶᠢᠭᠠᠳ ᠪᠠᠰᠠ ᠨᠢᠭᠡ  ᠤᠳᠠᠭᠠᠨ ᠤ ᠲᠤᠶᠢᠯᠪᠤᠷᠢᠲᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠦᠨ᠂  ᠣᠷᠴᠢᠨ ᠲᠣᠭᠤᠷᠢᠨ ᠤ ᠵᠠᠰᠠᠯᠳᠠ ᠶᠢᠨ ᠠᠵᠢᠯ ᠢ ᠪᠠᠶᠢᠩᠭᠤᠵᠢᠭᠤᠯᠬᠤ ᠪᠠ  ᠠᠬᠢᠭᠤᠯᠬᠤ ᠬᠡᠷᠡᠭᠲᠡᠢ ᠬᠡᠵᠦ ᠱᠠᠭᠠᠷᠳᠠᠪᠠ ᠃ ᠬᠤᠷᠠᠯ ᠳᠡᠭᠡᠷ᠎ᠡ ᠳᠡᠳ᠋ ᠪᠠᠯᠭᠠᠰᠤᠨ ᠳᠠᠷᠤᠭ᠎ᠠ ᠫᠠᠨ ᠺᠧ ᠠᠴᠠ ︽2022 ᠣᠨ ᠤ ᠠᠶᠢᠮᠠᠭ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ  ᠠᠵᠢᠯ ᠢ ᠬᠢᠨᠠᠨ ᠰᠢᠯᠭᠠᠬᠤ ᠬᠡᠷᠡᠭᠵᠢᠭᠦᠯᠬᠦ ᠲᠦᠰᠦᠪ︾᠂ ︽ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠠᠮᠢᠶ᠎ᠠ ᠪᠦᠬᠦᠢ ᠠᠵᠢᠯ ᠢ  ᠰᠠᠶᠢᠨ ᠬᠢᠬᠦ ᠲᠤᠬᠠᠢ ᠮᠡᠳᠡᠭᠳᠡᠯ︾᠂ ︽ ᠲᠠᠶᠢᠹᠤᠰᠧ ᠬᠤᠰᠢᠭᠤᠨ ᠤ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠨᠠᠷᠢᠨ ᠳᠠᠩᠰᠠ︾ ᠵᠡᠷᠭᠡ ᠳᠤ ᠨᠠᠷᠢᠨ ᠲᠠᠶᠢᠯᠤᠮᠵᠢ ᠬᠢᠵᠡᠢ᠃ ᠪᠠᠯᠭᠠᠰᠤᠨ ᠤ ᠤᠳᠤᠷᠢᠳᠬᠤ ᠪᠠᠭ ᠤᠨ  ᠭᠡᠰᠢᠬᠦᠳ᠂ ᠡᠯ᠎ᠡ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号