ᠯᠦᠸᠧ ᠲᠦᠸᠧ ᠱᠠᠨ ᠪᠠᠯᠭᠠᠰᠤ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠢᠭᠰᠡᠨ
ᠨᠡᠶᠢᠲᠡᠯᠡᠭᠰᠡᠨ ᠴᠠᠭ᠄
2022/11/10
 ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ 11 ᠰᠠᠷ᠎ᠠ ᠶᠢᠨ 9  ᠤ ᠡᠳᠦᠷ  ᠯᠥᠸᠧ ᠲᠦᠸᠧ ᠱᠠᠨ ᠪᠠᠯᠭᠠᠰᠤ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠤᠷᠤᠯᠴᠠᠵᠠᠢ᠃ ᠬᠤᠷᠠᠯ ᠳᠡᠭᠡᠷ᠎ᠡ᠂  ᠠᠶᠤᠯᠬᠦᠢ ᠦᠢᠯᠡᠳᠪᠦᠷᠢᠯᠡᠯ ᠤᠨ  ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠸᠠᠩ ᠯᠠᠨ ᠠᠴᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠡᠪᠦᠯ ᠤᠨ ᠤᠯᠠᠷᠢᠯ ᠤᠨ ᠭᠠᠯ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠠᠮᠤᠷ ᠲᠦᠪᠰᠢᠨ ᠤ ᠲᠠᠯᠠᠪᠠᠷ ᠱᠠᠭᠠᠷᠳᠠᠯᠭ᠎ᠠ  ᠲᠤᠷᠠᠳᠤᠭᠰᠠᠨ ᠪᠦᠭᠡᠳ ᠮᠠᠯᠵᠢᠬᠤ ᠲᠠᠷᠢᠶᠠᠯᠠᠬᠤ ᠣᠷᠣᠨ ᠤ ᠤᠷᠤᠨ ᠰᠠᠭᠤᠴᠠ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠳᠤ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠬᠤᠷᠠᠯ ᠤᠨ ᠶᠠᠷᠢᠶᠠᠨ ᠳᠠᠭᠠᠨ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠠᠬᠤᠢ ᠪᠠᠶᠢᠳᠠᠯ ᠢ ᠭᠦᠢᠴᠡᠳ ᠲᠠᠨᠢᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠯᠠᠷᠢᠯ ᠤᠨ ᠴᠢᠨᠠᠷᠲᠠᠢ᠂ ᠦᠶᠡᠯᠡᠯ ᠤᠨ ᠴᠢᠨᠠᠷᠲᠠᠢ᠂ ᠵᠢᠮ᠎ᠡ ᠶᠣᠰᠣᠴᠢ ᠴᠢᠨᠠᠷᠲᠠᠢ ᠣᠨᠴᠠᠯᠢᠭ ᠢ ᠰᠠᠶᠢᠲᠤᠷ ᠡᠵᠡᠮᠳᠡᠨ᠂ ᠠᠰᠠᠭᠤᠳᠠᠯ ᠢ ᠣᠨᠣᠪᠴᠢᠲᠠᠶ ᠡᠷᠢᠵᠦ᠂ ᠲᠦᠭᠰᠢᠭᠦᠷᠢ ᠶᠢ ᠲᠣᠳᠣᠷᠬᠠᠢ  ᠤᠶᠢᠯᠠᠭᠠᠨ᠂ ᠡᠪᠦᠯ ᠤᠨ ᠤᠯᠠᠷᠢᠯ ᠤᠨ ᠤᠨᠴᠠᠭᠠᠢ ︽ᠴᠠᠭ ᠠᠭᠤᠷ︾ ᠤᠨ ᠲᠦᠭᠰᠢᠭᠦᠷᠢ᠂ ᠺᠠᠳ᠋ᠷ ᠤᠨ ᠡᠩᠨᠡᠭᠡᠨ ᠤ ︽ ᠠᠯᠮᠠᠶᠢᠷᠠᠯ︾ ᠤᠨ ᠲᠦᠭᠰᠢᠭᠦᠷᠢ᠂ ᠠᠮᠤᠷ ᠲᠦᠪᠰᠢᠨ ᠤ ᠤᠬᠠᠮᠰᠠᠷ ᠤᠨ ︽ ᠰᠤᠯᠠᠷᠠᠯ︾   ᠤᠨ ᠲᠦᠭᠰᠢᠭᠦᠷᠢ ᠶᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ ᠪᠠᠶᠢᠴᠠᠭᠠᠯᠳᠠ  ᠶᠢᠨ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠬᠤᠶᠠᠷ ᠵᠥᠪᠯᠡᠯ ᠤᠨ ᠬᠢᠨ ᠬᠠᠮᠢᠶ᠎ᠠ ᠪᠦᠬᠦᠢ ᠨᠢᠭᠡᠴᠡ ᠲᠠᠢ ᠬᠠᠮᠵᠢᠯᠴᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠶᠡᠭᠡ  ᠪᠠᠶᠢᠴᠠᠭᠠᠯᠳᠠ ᠶᠢ ᠦᠷᠨᠢᠬᠦᠯᠦᠨ᠂   ᠠᠶᠤᠯᠬᠦᠢ ᠦᠢᠯᠡᠳᠪᠦᠷᠢᠯᠡᠯ ᠤᠨ ᠭᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂   ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠳᠤᠯᠠᠨ᠂ ᠡᠯ᠎ᠡ ᠲᠦᠷᠦᠯ ᠤᠨ ᠤᠰᠤᠯ ᠠᠳᠡᠯ ᠭᠠᠷᠬᠤ ᠶᠢ ᠦᠨᠡᠨᠬᠦ ᠪᠠᠭᠠᠰᠬᠠᠬᠤ ᠬᠡᠷᠡᠭᠲᠡᠢ᠃ ᠭᠤᠷᠪᠠ ᠳᠤ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠤᠯᠢ  ᠲᠦᠷᠢᠮ ᠢ ᠲᠦᠭᠡᠮᠡᠯᠵᠢᠭᠦᠯᠵᠦ᠂  ᠸᠢᠴᠠᠲ ᠲᠠᠪᠴᠠᠩ  ᠂  ︽ᠲᠣᠰᠬᠤᠨ ᠤ ᠷᠠᠳᠢᠤ᠋︾  ᠵᠡᠷᠭᠡ ᠶᠢ ᠠᠰᠢᠭᠯᠠᠨ ᠠᠶᠤᠯᠭᠦᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠠᠷᠠᠳ ᠢᠷᠭᠡᠳ ᠤᠨ ᠠᠮᠤᠷ ᠲᠦᠪᠰᠢᠨ ᠤ ᠲᠠᠨᠢᠯᠲᠠ ᠪᠣᠯᠣᠨ ᠭᠠᠮᠰᠢᠭ ᠢ  ᠰᠡᠷᠭᠡᠶᠢᠯᠡᠵᠦ ᠬᠤᠬᠢᠷᠠᠯ ᠢ ᠪᠠᠭᠠᠰᠬᠠᠬᠤ ᠴᠢᠳᠠᠪᠤᠷᠢ ᠶᠢ ᠲᠡᠭᠡᠭᠰᠢᠯᠡᠬᠦᠯᠦᠨ᠂  ᠪᠦᠬᠦ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠵᠠᠢ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号