ᠪᠤᠤᠴᠠᠩ  ᠪᠠᠯᠭᠠᠰᠤ ᠪᠠᠶᠢᠭᠤᠯᠭ᠎ᠠ ᠶᠢᠨ ᠠᠵᠢᠯᠳᠠᠳ ᠢᠶᠠᠨ ᠵᠤᠬᠢᠶᠠᠨ ᠪᠠᠶᠢᠭᠤᠯᠵᠤ ᠤᠷᠴᠢᠨ ᠲᠤᠭᠤᠷᠢᠨ ᠤ ᠴᠡᠪᠡᠷᠯᠡᠭᠡ ᠬᠢᠭᠰᠡᠨ
ᠨᠡᠶᠢᠲᠡᠯᠡᠭᠰᠡᠨ ᠴᠠᠭ᠄
2022/11/10
    ᠬᠤᠲᠠ ᠪᠠᠯᠭᠠᠰᠤᠨ ᠤ ᠪᠠᠨ ᠣᠷᠴᠢᠨ ᠲᠣᠭᠤᠷᠢᠨ ᠢ ᠴᠡᠪᠡᠷᠰᠢᠬᠦᠯᠯᠵᠤ᠂  ᠬᠤᠳᠠ ᠪᠠᠯᠭᠠᠰᠤᠨ ᠤ ᠪᠠᠨ ᠦᠩᠭᠡ ᠲᠦᠷᠬᠦ ᠶᠢ ᠭᠤᠶᠤᠵᠢᠭᠤᠯᠤᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 11 ᠰᠠᠷ᠎ᠠ ᠶᠢᠨ 10 ᠤ ᠡᠳᠦᠷ ᠪᠤᠤᠴᠠᠩ ᠪᠠᠯᠭᠠᠰᠤᠨ ᠤ ᠵᠠᠰᠠᠭ ᠤᠨ ᠤᠷᠳᠤᠨ ᠨᠢ ᠪᠠᠶᠢᠭᠤᠯᠭ᠎ᠠ ᠶᠢᠨ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ᠂  ᠬᠤᠪᠢᠳᠠᠨ ᠳᠠᠭᠠᠭᠠᠴᠢᠯᠠᠭᠰᠠᠨ ᠭᠠᠵᠠᠷ ᠲᠠᠭᠠᠨ ᠬᠦᠷᠴᠦ ᠬᠤᠭ ᠨᠣᠪᠰᠢ ᠴᠡᠪᠡᠷᠯᠡᠬᠦ ᠠᠵᠢᠯᠯᠠᠭ᠎ᠠ ᠦᠷᠨᠢᠬᠦᠯᠵᠡᠢ᠃ ᠠᠵᠢᠯᠯᠠᠭᠠᠨ ᠤ ᠳᠤᠮᠳᠠ᠂ ᠣᠯᠠᠨ ᠢᠶᠠᠷ ᠢᠶᠠᠨ ᠠᠵᠢᠯ ᠡᠬᠦᠷᠭᠡ ᠪᠠᠨ ᠬᠤᠪᠢᠳᠠᠵᠤ᠂  ᠵᠠᠷᠢᠮ ᠨᠢ ᠲᠡᠬᠦᠵᠦ ᠵᠠᠷᠢᠮ ᠨᠢ ᠤᠭᠤᠳᠠᠯᠠᠵᠤ ᠵᠠᠷᠢᠮ ᠨᠢ ᠵᠦᠬᠡᠬᠡᠪᠦᠷᠢᠯᠡᠵᠦ᠂  ᠪᠠᠰᠠ ᠵᠠᠷᠢᠮ ᠨᠢ  ᠵᠠᠮ ᠤᠨ ᠬᠠᠵᠠᠭᠤ ᠶᠢᠨ ᠠᠶᠢᠯ ᠡᠷᠦᠬᠡ ᠪᠠᠷ ᠤᠷᠤᠵᠤ  ᠣᠷᠴᠢᠨ ᠲᠤᠭᠤᠷᠢᠨ ᠤ ᠬᠠᠮᠠᠭᠠᠯᠠᠯᠳᠠ ᠶᠢᠨ ᠴᠢᠬᠤᠯᠠ ᠴᠢᠨᠠᠷ ᠢ   ᠤᠬᠠᠭᠤᠯᠤᠨ᠂  ᠥᠷᠭᠡᠨ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠢ ᠲᠠᠶᠢᠴᠢᠯᠠᠵᠤ ᠠᠵᠢᠯᠯᠠᠭ᠎ᠠ ᠳᠠᠭᠠᠨ ᠤᠷᠤᠯᠴᠠᠭᠤᠯᠤᠭᠠᠳ᠂ ᠬᠥᠮᠥᠨ ᠪᠦᠬᠦᠨ ᠤᠷᠴᠢᠨ ᠲᠤᠭᠤᠷᠢᠨ ᠤ ᠬᠠᠮᠠᠭᠠᠯᠠᠯᠳᠠ ᠳᠤ ᠣᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ︽ᠴᠡᠪᠡᠷ ᠴᠡᠮᠴᠡᠭᠡᠷ᠂  ᠬᠠᠷᠰᠢ ᠰᠠᠭᠠᠳ ᠦᠭᠡᠢ᠂ ᠦᠵᠡᠰᠬᠦᠯᠡᠩᠲᠦ ᠰᠠᠶᠢᠬᠠᠨ  ︾ ᠬᠤᠲᠠ ᠪᠠᠯᠭᠠᠰᠤᠨ ᠤ ᠣᠷᠴᠢᠨ ᠲᠤᠭᠤᠷᠢᠨ ᠢ ᠪᠠᠶᠢᠭᠤᠯᠬᠤ ᠳᠤ ᠰᠠᠭᠤᠷᠢ ᠶᠢ ᠲᠠᠯᠪᠢᠵᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号