ᠲᠠᠶᠢᠹᠤᠰᠧ ᠬᠤᠰᠢᠭᠤᠨ ᠤ ᠴᠠᠭ ᠠᠭᠤᠷ ᠤᠨ ᠦᠷᠳᠡᠭᠡᠨ ᠤ ᠨᠡᠶᠢᠲᠡᠯᠡᠭᠰᠡᠨ ᠬᠦᠢᠲᠡᠨ ᠤᠷᠤᠰᠬᠠᠯ ᠤᠨ ᠬᠥᠬᠡ | ᠥᠩᠭᠡ ᠶᠢᠨ ᠰᠡᠷᠡᠮᠵᠢ ᠶᠢᠨ ᠳᠣᠬᠢᠶ᠎ᠠ ᠶᠢ ᠦᠨᠳᠦᠰᠦᠯᠡᠪᠡᠯ᠂ ᠬᠦᠢᠲᠡᠨ ᠳᠤᠯᠠᠭᠠᠨ ᠠᠭᠠᠷ ᠤᠨ ᠬᠠᠮᠲᠤ ᠶᠢᠨ | ᠨᠥᠯᠥᠭᠡ ᠠᠴᠠ ᠪᠤᠯᠤᠭᠠᠳ᠂ ᠲᠠᠶᠢᠹᠤᠰᠧ ᠬᠤᠰᠢᠭᠤᠨ ᠳᠤ ᠶᠡᠭᠡ ᠴᠠᠰᠤ ᠣᠷᠣᠵᠤ᠂ 48 ᠴᠠᠭ ᠤᠨ ᠳᠣᠲᠣᠷ᠎ᠠ | ᠠᠭᠠᠷ ᠤᠨ ᠳᠤᠯᠠᠭᠠᠨ 8℃ ᠤᠷᠴᠢᠮ ᠪᠠᠭᠤᠷᠠᠨ ᠂ ᠬᠠᠮᠤᠭ ᠤᠨ ᠳᠣᠣᠷ᠎ᠠ ᠠᠭᠠᠷ ᠤᠨ ᠳᠤᠯᠠᠭᠠᠨ | -15℃~-10℃ ᠬᠦᠷᠬᠦ ᠪᠦᠭᠡᠳ ᠪᠠᠷᠠᠭᠤᠨ ᠬᠤᠶᠢᠨ᠎ᠠ ᠠᠴᠠ 5 ᠲᠠᠰ ᠤᠨ ᠰᠠᠯᠬᠢ ᠰᠠᠯᠬᠢᠯᠠᠨ᠎ᠠ᠃ ᠴᠠᠰᠤ | ᠤᠷᠤᠵᠤ ᠬᠦᠢᠳᠡᠷᠡᠬᠦ ᠶᠢ ᠲᠠᠭᠠᠯᠳᠤᠭᠠᠳ ᠵᠠᠮ ᠮᠦᠰᠦᠳᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠶᠡᠬᠡᠬᠡᠨ | ᠠᠶᠤᠯ ᠤᠴᠠᠷᠠᠭᠤᠯᠬᠤ ᠪᠤᠯᠬᠤᠷ ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠪᠦᠬᠦ ᠬᠤᠰᠢᠭᠤᠨ ᠤ ᠠᠷᠠᠳ ᠣᠯᠠᠨ ᠳᠤ ᠲᠤᠤᠷᠠᠬᠢ ᠮᠡᠳᠦ | ᠰᠠᠨᠠᠭᠤᠯᠵᠤ ᠪᠠᠶᠢᠨ᠎ᠠ᠄ | 1. ᠴᠠᠭ ᠠᠭᠤᠷ ᠤᠨ ᠲᠣᠪᠴᠢᠶ᠎ᠠ ᠨᠢ ᠴᠠᠭ ᠠᠭᠤᠷ ᠤᠨ ᠬᠤᠪᠢᠷᠠᠯᠲᠠ ᠶᠢ ᠰᠠᠶᠢᠳᠤᠷ ᠠᠩᠬᠠᠷᠴᠤ᠂ ᠴᠠᠰᠤ | ᠣᠷᠣᠬᠤ ᠂ ᠵᠠᠮ ᠮᠦᠰᠦᠳᠡᠬᠦ ᠶᠢ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠵᠦ᠂ ᠴᠠᠭ ᠠᠭᠤᠷ ᠢ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠳᠡᠯᠡᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠠᠷᠭᠠᠴᠠᠬᠤ ᠠᠵᠢᠯ ᠢ ᠰᠠᠶᠢᠨ ᠬᠢᠬᠦ ᠲᠤᠬᠠᠢ ᠰᠠᠨᠠᠭᠤᠯᠬᠤ ᠶᠢᠨ | ᠬᠠᠮᠲᠤ ᠣᠯᠠᠨ ᠲᠦᠮᠡᠨ ᠳᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠠᠩᠬᠠᠷᠤᠭᠤᠯᠤᠨ ᠰᠠᠨᠠᠭᠤᠯᠬᠤ ᠭᠡᠷᠡᠭᠳᠡᠢ | ᠃ | 2. ᠤᠰᠤ᠂ ᠬᠡᠢ᠂ ᠢᠯᠴᠢ ᠬᠠᠩᠭᠠᠬᠤ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠳᠠ ᠪᠠ | ᠬᠠᠮᠠᠭᠠᠯᠠᠯᠳᠠ ᠬᠢᠵᠦ᠂ ᠪᠥᠬᠦ ᠬᠤᠰᠢᠭᠤᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠣᠭᠲᠠᠭᠤᠨ ᠢ ᠪᠠᠳᠤᠯᠠᠵᠤ᠂ | ᠢᠯᠴᠢ ᠬᠠᠩᠭᠠᠬᠤ ᠨᠢᠭᠡᠴᠡ ᠨᠢ ᠢᠯᠴᠢ ᠶᠢᠨ ᠬᠡᠮᠵᠢᠶ᠎ᠡ ᠶᠢ ᠰᠠᠶᠢᠳᠤᠷ ᠲᠤᠬᠢᠷᠠᠭᠤᠯᠤᠨ᠂ ᠲᠤᠯᠠᠭᠠᠯᠠᠭ᠎ᠠ ᠶᠢᠨ | ᠲᠤᠬᠠᠢ ᠵᠠᠷᠭᠤ ᠵᠠᠭᠠᠯᠳᠤᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ᠃ | 3. ᠬᠦᠮᠦᠨ ᠨᠢᠬᠡᠪᠦᠷᠢ ᠰᠠᠯᠬᠢ ᠰᠢᠭᠤᠷᠭ᠎ᠠ ᠠᠴᠠ ᠰᠡᠷᠭᠡᠶᠢᠯᠡᠵᠦ᠂ ᠭᠡᠷ ᠪᠠᠶᠢᠰᠢᠩ ᠢᠶᠠᠨ ᠲᠤᠯᠠᠭᠠᠯᠠᠬᠤ ᠠᠵᠢᠯ | ᠢ ᠰᠠᠶᠢᠨ ᠬᠢᠬᠦ ᠪᠤᠯᠪᠠᠤ᠃ | 4. ᠮᠠᠰᠢᠨ ᠤ ᠵᠢᠯᠣᠭᠤᠴᠢ ᠨᠠᠷ ᠵᠠᠮ ᠤᠨ ᠪᠠᠶᠢᠳᠠᠯ ᠢ ᠠᠩᠬᠠᠷᠴᠤ᠂ ᠠᠮᠤᠷ ᠲᠦᠪᠰᠢᠨ ᠠᠶᠠᠯᠠᠬᠤ ᠶᠢ | ᠠᠩᠬᠠᠷᠤᠭᠳᠤᠨ᠃ | 5. ᠵᠡᠭᠡᠯᠢ ᠳᠤ ᠭᠠᠷᠬᠤ ᠳᠠᠭᠠᠨ ᠳᠤᠭᠤᠢ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠲᠠᠭᠤ | ᠤᠨᠤᠵᠤ᠂ ᠬᠠᠯᠲᠤᠷᠢᠬᠤ ᠠᠴᠠ ᠰᠡᠷᠭᠡᠶᠢᠯᠡᠭᠡᠷᠡᠢ᠃ | | ᠲᠠᠶᠢᠹᠤᠰᠧ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | 2022 ᠤᠨ ᠤ 11 ᠰᠠᠷ᠎ᠠ ᠶᠢᠨ 11 ᠤ ᠡᠳᠦᠷ |