ᠠᠶᠢᠮᠠᠭ ᠤᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ ᠡᠷᠲᠡ ᠠᠴᠠ ᠢᠯᠡᠷᠡᠭᠦᠯᠵᠦ᠂ | ᠡᠷᠲᠡ ᠠᠴᠠ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠮᠠᠨ ᠤ ᠬᠤᠰᠢᠭᠤ ᠨᠢ ᠪᠥᠬᠦ ᠬᠤᠰᠢᠭᠤᠨ | ᠤ ᠭᠡᠪᠴᠢᠶᠡᠨ ᠳᠤ ᠪᠠᠶᠢᠩᠭᠤ ᠶᠢᠨ ᠴᠢᠨᠠᠷᠲᠠᠢ ᠪᠥᠭᠡᠮ ᠬᠦᠴᠢᠯ ᠤᠨ ᠪᠠᠶᠢᠴᠠᠭᠠᠯᠳᠠ ᠬᠢᠬᠦ ᠪᠠᠷ ᠲᠣᠭᠲᠠᠪᠠ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠴᠠᠭ ᠬᠤᠭᠤᠴᠠᠭ᠎ᠠ ᠪᠠ ᠬᠦᠷᠢᠶ᠎ᠡ ᠬᠡᠪᠴᠢᠶ᠎ᠡ | 11 ᠰᠠᠷ᠎ᠠ ᠶᠢᠨ 12 ᠤᠨ ᠡᠳᠦᠷ ᠮᠠᠯᠵᠢᠬᠤ ᠲᠠᠷᠢᠶᠠᠯᠠᠬᠤ ᠣᠷᠣᠨ ᠳᠤ ᠪᠥᠬᠦ ᠬᠦᠮᠦᠰ ᠤᠨ ᠪᠥᠭᠡᠮ ᠬᠦᠴᠢᠯ ᠤᠨ | ᠪᠠᠶᠢᠴᠠᠭᠠᠯᠲᠡ ᠬᠢᠵᠦ᠂ 13 ᠤ ᠡᠳᠦᠷ ᠬᠤᠰᠢᠭᠤ ᠲᠣᠭᠤᠷᠢᠭ ᠲᠤ ᠬᠢᠨ᠎ᠡ ᠃ 11 ᠰᠠᠷ᠎ᠠ ᠶᠢᠨ 14 ᠤ | ᠡᠳᠦᠷ ᠠᠴᠠ ᠡᠬᠢᠯᠡᠨ ᠭᠠᠷᠠᠭ ᠤᠨ ᠭᠤᠷᠪᠠᠨ᠂ ᠭᠠᠷᠠᠭ ᠤᠨ ᠡᠳᠦᠷ ᠪᠤᠯᠭᠠᠨ ᠳᠤ ᠬᠤᠰᠢᠭᠤ ᠲᠣᠭᠤᠷᠢᠭ ᠤᠨ ᠪᠥᠬᠦ | ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠲᠡ ᠬᠢᠵᠦ᠂ ᠭᠠᠷᠠᠭ ᠤᠨ ᠲᠠᠪᠤᠨ ᠳᠤ ᠮᠠᠯᠵᠢᠬᠤ ᠲᠠᠷᠢᠶᠠᠯᠠᠬᠤ ᠣᠷᠣᠨ | ᠤ ᠪᠥᠬᠦ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠲᠡ ᠬᠢᠬᠦ ᠪᠤᠯᠤᠨ᠎ᠠ᠃ | ᠬᠤᠶᠠᠷ᠂ ᠪᠠᠶᠢᠴᠠᠭᠠᠬᠤ ᠨᠢᠭᠤᠷᠯᠠᠯ | ᠡᠯ᠎ᠡ ᠰᠤᠮᠤ ᠰᠢᠶᠠᠩ ᠪᠠᠯᠭᠠᠰᠤᠨ ᠤ ᠬᠠᠷᠢᠶᠠᠨ ᠲᠠᠬᠢ ᠪᠣᠶ ᠪᠦᠬᠦᠢ ᠰᠠᠭᠤᠭᠠᠯᠢ ᠠᠷᠠᠳ᠂ ᠡᠭᠦᠨ ᠳᠤ ᠪᠠᠶᠢᠩᠭᠤ | ᠰᠠᠭᠤᠭ᠎ᠠ ᠬᠥᠮᠥᠨ ᠠᠮᠠ᠂ ᠲᠦᠷ ᠰᠠᠭᠤᠭ᠎ᠠ ᠬᠥᠮᠥᠨ ᠠᠮᠠ᠂ ᠲᠦᠷ ᠴᠠᠭ ᠤᠨ ᠶᠠᠪᠤᠭᠤᠯ ᠬᠥᠮᠥᠨ ᠠᠮᠠ᠂ | ᠭᠠᠳᠠᠨ᠎ᠠ ᠤᠷᠤᠨ ᠤ ᠡᠷᠦᠬᠡ ᠠᠮᠠ ᠲᠠᠢ ᠬᠦᠮᠦᠰ ᠪᠠᠭᠲᠠᠨ᠎ᠠ᠃ ᠲᠥᠪᠯᠡᠷᠡᠭᠦᠯᠦᠨ ᠲᠤᠰᠠᠭᠠᠷᠯᠠᠵᠤ ᠪᠠᠶᠢᠭ᠎ᠠ ᠬᠥᠮᠥᠰ | ᠂ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠪᠠ ᠭᠡᠷ ᠲᠡᠭᠡᠨ ᠰᠠᠭᠤᠵᠤ ᠡᠷᠡᠭᠦᠯ ᠮᠡᠨᠳᠦ ᠶᠢᠨ ᠠᠵᠢᠭᠯᠠᠯᠳᠠ | ᠬᠢᠵᠦ ᠪᠠᠶᠢᠭ᠎ᠠ ᠬᠦᠮᠦᠰ ᠤᠤᠯ ᠠᠷᠭ᠎ᠠ ᠪᠠᠷ ᠢᠶᠠᠨ ᠪᠠᠶᠢᠴᠠᠭᠠᠯᠳᠠ ᠬᠢᠯᠭᠡᠨ᠎ᠡ᠃ | ᠭᠤᠷᠪᠠ᠂ ᠪᠠᠶᠢᠴᠠᠭᠠᠬᠤ ᠭᠠᠵᠠᠷ | ᠪᠤᠤᠴᠠᠩ ᠪᠠᠯᠭᠠᠰᠤᠨ ᠤ ᠡᠯ᠎ᠡ ᠰᠠᠭᠤᠭᠠᠯᠢ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠪᠤᠶᠤ ᠠᠵᠤ | ᠠᠬᠤᠶᠢᠯᠠᠯ ᠤᠨ ᠬᠦᠮᠦᠰ ᠲᠤ ᠲᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠪᠠ ᠬᠠᠮᠢᠶ᠎ᠠ ᠪᠦᠬᠦᠢ ᠲᠤᠰᠬᠠᠢ ᠠᠩᠭᠢ᠂ | ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠭᠤᠴᠠᠨ ᠮᠡᠳᠡᠭᠳᠡᠵᠦ᠂ ᠲᠣᠭᠲᠠᠭᠰᠠᠨ | ᠭᠠᠵᠠᠷ ᠲᠤ ᠬᠦᠷᠴᠦ ᠪᠠᠶᠢᠴᠠᠭᠠᠯᠳᠠ ᠬᠢᠯᠬᠡᠨ᠎ᠡ᠃ ᠮᠠᠯᠵᠢᠬᠤ ᠲᠠᠷᠢᠶᠠᠯᠠᠬᠤ ᠣᠷᠣᠨ ᠪᠠ ᠲᠡᠬᠦᠨ ᠤ ᠬᠠᠷᠢᠶᠠᠨ ᠳᠠᠬᠢ | ᠦᠢᠯᠡᠳᠪᠦᠷᠢ ᠠᠭᠤᠷᠬᠠᠢ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠤᠨ ᠬᠦᠮᠦᠰ ᠲᠤ ᠡᠯ᠎ᠡ ᠭᠠᠴᠠᠭ᠎ᠠ | ᠲᠣᠰᠬᠤᠨ ᠨᠢ ᠮᠡᠳᠡᠭᠳᠡᠵᠦ ᠂ ᠲᠣᠭᠲᠠᠭᠰᠠᠨ ᠭᠠᠵᠠᠷ ᠲᠤ ᠬᠦᠷᠴᠦ ᠪᠠᠶᠢᠴᠠᠭᠠᠯᠳᠠ ᠬᠢᠯᠬᠡᠨ᠎ᠡ᠃ | ᠳᠥᠷᠪᠡ᠂ ᠠᠩᠬᠠᠷᠬᠤ ᠵᠦᠢᠯ | 1. ᠥᠷᠭᠡᠨ ᠣᠯᠠᠨ ᠰᠠᠭᠤᠭᠠᠯᠢ ᠠᠷᠠᠳ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠨᠡᠶᠢᠭᠡᠮ | ᠲᠣᠭᠤᠷᠢᠭ ᠪᠠ ᠲᠠᠭᠠᠭᠠᠴᠢᠯᠠᠭᠰᠠᠨ ᠪᠠᠶᠢᠭᠤᠯᠭ᠎ᠠ ᠨᠢᠭᠡᠴᠡ ᠶᠢᠨ ᠨᠢᠭᠡᠳᠦᠯᠲᠡᠢ ᠪᠠᠶᠢᠷᠢᠯᠠᠭᠤᠯᠤᠯᠳᠠ ᠳᠣᠣᠷ᠎ᠠ ᠪᠥᠭᠡᠮ | ᠬᠦᠴᠢᠯ ᠤᠨ ᠪᠠᠶᠢᠴᠠᠭᠠᠯᠲᠡ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ ︽ᠡᠷᠡᠭᠦᠯ ᠮᠡᠨᠳᠦ ᠶᠢᠨ ᠺᠣᠳ᠋︾ ᠶᠢ | ᠤᠷᠢᠳᠴᠢᠯᠠᠨ ᠲᠠᠭᠯᠠᠵᠤ ᠪᠡᠯᠡᠳᠬᠡᠬᠦ ᠶᠢᠨ ᠬᠠᠮᠳᠤ᠂ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ ᠭᠠᠵᠠᠷ | ᠲᠠᠭᠠᠨ ᠬᠦᠷᠴᠦ ᠡᠮᠬᠢ ᠵᠢᠷᠤᠮ ᠲᠠᠢ ᠪᠠᠷ ᠪᠠᠶᠢᠴᠠᠭᠠᠯᠳᠠ ᠳᠤ ᠤᠷᠤᠯᠴᠠᠨ᠂ ︽ᠪᠠᠶᠢᠴᠠᠭᠠᠯᠭᠠᠭᠰᠠᠨ ᠭᠡᠷᠡᠴᠢ︾ | ᠠᠪᠤᠨ᠎ᠠ᠃ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠬᠢᠯᠭᠡᠭᠰᠡᠨ ᠦᠭᠡᠢ ᠬᠥᠮᠥᠰ ᠲᠤ ᠮᠡᠷᠭᠡᠵᠢᠯ ᠤᠨ ᠠᠷᠭ᠎ᠠ | ᠪᠠᠷᠢᠯ ᠢᠶᠠᠷ ᠲᠠᠮᠵᠢᠨ ᠰᠡᠷᠡᠮᠵᠢ ᠥᠭᠭᠦᠨ᠎ᠡ᠃ | 2 . ᠪᠥᠭᠡᠮ ᠬᠦᠴᠢᠯ ᠤᠨ ᠪᠠᠶᠢᠴᠠᠭᠠᠯᠳᠠ ᠬᠢᠬᠦ ᠪᠥᠬᠦ ᠶᠠᠪᠤᠴᠠ ᠳᠤ ᠠᠮᠠᠪᠴᠢ ᠵᠡᠭᠦᠵᠦ᠂ 1.5 ᠮᠧᠲᠷ ᠤᠨ | ᠠᠶᠤᠯᠬᠦᠢ ᠵᠠᠢ ᠶᠢ ᠪᠠᠳᠤᠯᠠᠬᠤ ᠭᠡᠷᠡᠭᠳᠡᠢ ᠃ 14 ᠨᠠᠰᠤ ᠬᠦᠷᠦᠭᠡᠳᠦᠢ ᠪᠤᠶᠤ ᠡᠪᠡᠳᠴᠢᠨ ᠲᠠᠢ ᠬᠥᠮᠥᠰ ᠲᠤ ᠭᠡᠷ | ᠤᠨ ᠬᠦᠮᠦᠨ ᠨᠢ ᠪᠠᠷ᠎ᠠ ᠪᠤᠯᠤᠨ᠎ᠠ᠃ ᠪᠠᠶᠢᠴᠠᠭᠠᠯᠳᠠ ᠬᠢᠬᠦ ᠬᠤᠭᠤᠴᠠᠭᠠᠨ ᠳᠤ ᠰᠢᠬᠠᠯᠳᠤᠬᠤ ᠦᠭᠡᠢ᠂ ᠪᠦᠬᠡᠮᠨᠡᠷᠡᠬᠦ | ᠦᠬᠡᠢ᠂ ᠶᠠᠷᠢᠯᠴᠠᠬᠤ ᠦᠭᠡᠢ ᠪᠠᠶᠢᠵᠠᠭᠠᠵᠤ ᠂ ᠬᠤᠪᠢ ᠪᠡᠶ᠎ᠡ ᠶᠢᠨ ᠰᠡᠷᠭᠡᠶᠢᠯᠡᠯᠳᠡ ᠬᠠᠮᠠᠭᠠᠯᠠᠯᠳᠠ ᠪᠠᠨ ᠰᠠᠶᠢᠨ ᠬᠢᠨ᠎ᠡ | ᠃ ᠡᠭᠦᠨ ᠤ ᠬᠠᠮᠲᠤ ᠬᠦᠢᠳᠡᠨ ᠠᠴᠠ ᠰᠡᠷᠭᠡᠶᠢᠯᠡᠨ ᠬᠤᠪᠴᠠᠰᠤ ᠪᠠᠨ ᠵᠤᠵᠠᠭᠠᠯᠠᠵᠤ᠂ ᠨᠠᠰᠤᠳᠠᠢ ᠨᠢᠯᠬᠠᠰ ᠢᠶᠠᠨ | ᠰᠠᠶᠢᠲᠤᠷ ᠬᠠᠷᠠᠭᠠᠯᠵᠠᠬᠤ ᠭᠡᠷᠡᠭᠳᠡᠢ᠃ | 3. ᠥᠷᠭᠡᠨ ᠤᠯᠠᠨ ᠰᠠᠭᠤᠭᠠᠯᠢ ᠠᠷᠠᠳ ᠬᠠᠤᠯᠢ ᠪᠠᠷ ᠲᠣᠭᠲᠠᠭᠠᠭᠰᠠᠨ ᠡᠭᠦᠷᠭᠡ ᠶᠢ ᠤᠬᠠᠮᠰᠠᠷ ᠠᠴᠠ ᠪᠠᠨ | ᠭᠦᠢᠴᠡᠳᠬᠡᠵᠦ᠂ ᠠᠵᠢᠯᠳᠠᠨ ᠤ ᠪᠠᠶᠢᠷᠢᠯᠠᠭᠤᠯᠤᠯᠳᠠ ᠶᠢ ᠡᠷᠭᠡᠪᠰᠢ ᠲᠠᠭᠠᠬᠤ ᠬᠡᠷᠡᠭᠲᠡᠢ᠃ ᠪᠠᠶᠢᠴᠠᠭᠠᠯᠳᠠ ᠶᠢᠨ ᠠᠵᠢᠯ | ᠳᠤ ᠬᠠᠮᠵᠢᠯᠴᠠᠬᠤ ᠦᠬᠡᠢ᠂ ᠲᠦᠷᠢᠮ ᠲᠤᠭᠳᠠᠭᠠᠯ ᠢ ᠬᠡᠷᠡᠭᠵᠢᠭᠦᠯᠬᠦ ᠦᠭᠡᠢ᠂ ᠮᠡᠳᠡᠭᠡ ᠵᠠᠩᠭᠢ ᠪᠠᠨ ᠨᠢᠭᠤᠵᠤ | ᠲᠠᠷᠤᠭᠰᠠᠨ ᠪᠤᠶᠤ ᠬᠠᠭᠤᠷᠮᠠᠭᠯᠠᠨ ᠵᠣᠬᠢᠶᠠᠭᠰᠠᠨ ᠂ ᠪᠠᠶᠢᠴᠠᠭᠠᠯᠳᠠ ᠶᠢᠨ ᠠᠵᠢᠯ ᠢ ᠬᠠᠷᠰᠢᠯᠠᠭᠰᠠᠨ ᠬᠦᠮᠦᠰ ᠠᠴᠠ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 4. ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠬᠠᠮᠢᠶ᠎ᠠ ᠪᠦᠬᠦᠢ ᠡᠪᠡᠳᠴᠢᠨ ᠤ ᠢᠯᠡᠷᠡᠯ ᠭᠠᠷᠬᠤ ᠪᠤᠶᠤ | ᠪᠠᠶᠢᠴᠠᠭᠠᠯᠳᠠ ᠠᠴᠠ ᠡᠮᠦᠨᠡᠬᠢ 24 ᠴᠠᠭ ᠤᠨ ᠳᠣᠲᠣᠷ᠎ᠠ ᠰᠡᠷᠭᠡᠶᠢᠯᠡᠯᠳᠡ ᠶᠢᠨ ᠲᠠᠷᠢᠯᠭ᠎ᠠ ᠬᠢᠯᠭᠡᠭᠰᠡᠨ ᠪᠤᠯ | ᠲᠥᠪᠯᠡᠷᠡᠭᠦᠯᠦᠨ ᠪᠠᠶᠢᠴᠠᠭᠠᠬᠤ ᠴᠡᠭ ᠲᠤ ᠣᠴᠢᠵᠤ ᠪᠣᠯᠬᠤ ᠦᠭᠡᠢ ᠂ ᠪᠣᠳᠠᠲᠠᠢ ᠪᠠᠶᠢᠳᠠᠯ ᠢᠶᠠᠨ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠪᠠ ᠲᠠᠭᠠᠭᠠᠴᠢᠯᠠᠭᠰᠠᠨ ᠨᠢᠭᠡᠴᠡ ᠳᠡᠭᠡᠨ ᠮᠡᠳᠡᠭᠦᠯᠬᠦ ᠬᠡᠷᠡᠭᠲᠡᠢ᠃ | 5. ᠥᠷᠭᠡᠨ ᠣᠯᠠᠨ ᠰᠠᠭᠤᠭᠠᠯᠢ ᠠᠷᠠᠳ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ | ᠴᠤᠤᠷᠬᠠᠯ ᠢ ᠲᠠᠷᠬᠠᠭᠠᠬᠤ ᠦᠭᠡᠢ ᠪᠠᠶᠢᠵᠤ᠂ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯ ᠳᠤ ᠢᠳᠡᠪᠬᠢᠲᠡᠢ | ᠤᠷᠤᠯᠴᠠᠬᠤ ᠶᠢ ᠬᠦᠰᠡᠵᠦ ᠪᠠᠶᠢᠨ᠎ᠠ᠃ ᠵᠤᠷᠢᠯᠭ᠎ᠠ ᠲᠠᠢ ᠪᠠᠷ ᠴᠤᠤᠷᠬᠠᠯ ᠲᠠᠯᠪᠢᠭᠰᠠᠨ᠂ ᠦᠨᠡᠨ ᠪᠣᠳᠠᠲᠠᠢ ᠪᠤᠰᠤ | ᠵᠢᠷᠤᠭ ᠪᠢᠴᠢᠯᠭᠡ ᠪᠠ ᠦᠭᠡ ᠶᠠᠷᠢᠶ᠎ᠠ ᠶᠢ ᠲᠠᠷᠬᠠᠭᠠᠭᠠᠳ᠂ ᠬᠦᠨᠳᠦ ᠨᠣᠴᠢᠲᠠᠢ ᠦᠷ᠎ᠡ ᠨᠥᠯᠥᠭᠡ ᠭᠠᠷᠭᠠᠪᠠᠯ᠂ | ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | 6. ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠯᠲᠡ ᠬᠢᠬᠦ ᠳᠤ ᠶᠠᠮᠠᠷ ᠴᠤ ᠰᠦᠢᠳᠬᠡᠯ ᠬᠤᠷᠢᠶᠠᠬᠤ | ᠦᠭᠡᠢ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︕ ᠲᠠ | ᠪᠦᠬᠦᠨ ᠤ ᠤᠶᠢᠯᠠᠭᠠᠨ ᠲᠡᠮᠵᠢᠭᠰᠡᠨ ᠳᠤ ᠲᠠᠯᠠᠷᠬᠠᠵᠤ ᠪᠠᠶᠢᠨ᠎ᠠ︕ | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 11 ᠰᠠᠷ᠎ᠠ ᠶᠢᠨ 11 ᠤ ᠡᠳᠦᠷ |