ᠠᠷᠭ᠎ᠠ ᠴᠢᠨᠠᠷ ᠲᠠᠢ ᠡᠪᠡᠳᠴᠢᠳᠡᠨ ᠬᠤᠸᠠᠩ ᠣᠪᠣᠭᠲᠤ 11 ᠰᠠᠷ᠎ᠠ ᠶᠢᠨ 9 ᠤ ᠡᠳᠦᠷ ᠤᠨ 19᠄ 53 ᠴᠠᠭ | — 20᠄ 11 ᠴᠠᠭ ᠲᠤ ︽207︾ ᠤᠯᠤᠰ ᠤᠨ ᠵᠠᠮ ᠤᠨ ᠬᠦᠨᠪᠤᠯᠠᠭ ᠲᠠᠬᠢ ᠪᠠᠶᠢᠴᠠᠭᠠᠯᠳᠠ ᠶᠢᠨ ᠦᠷᠳᠡᠭᠡ | ᠳᠤ ᠲᠦᠷ ᠵᠤᠭᠰᠤᠵᠤ᠂ 20᠄ 13 ᠴᠠᠭ — 20᠄ 24 ᠴᠠᠭ ᠲᠤ ᠫᠤᠤᠲ᠋ᠠᠶᠢᠶ᠋ᠢᠩᠽᠢ ᠶᠢᠨ ᠲᠣᠰᠣ ᠨᠡᠮᠡᠬᠦ | ᠥᠷᠲᠡᠭᠡ ᠳᠤ ᠲᠤᠰᠤ ᠨᠡᠮᠡᠵᠡᠢ᠃ ᠲᠣᠰᠣ ᠨᠡᠮᠡᠬᠦ ᠦᠷᠳᠡᠭᠡᠨ ᠤ ᠬᠤᠶᠠᠷ ᠠᠵᠢᠯᠳᠠᠨ 11 ᠰᠠᠷ᠎ᠠ ᠶᠢᠨ 10 ᠤ | ᠡᠳᠦᠷ ᠤᠨ 08᠄ 35 ᠴᠠᠭ ᠲᠤ ᠠᠵᠢᠯ ᠠᠴᠠ ᠪᠠᠨ ᠪᠠᠭᠤᠵᠠᠢ᠃ | ᠳᠡᠭᠡᠷᠡᠬᠢ ᠴᠠᠭ ᠲᠤ ᠬᠤᠸᠠᠩ ᠣᠪᠣᠭᠲᠤ ᠲᠠᠢ ᠵᠠᠮ ᠮᠥᠷ ᠳᠠᠪᠬᠤᠴᠠᠭᠰᠠᠨ ᠬᠦᠮᠦᠰ ᠪᠠᠶᠢᠪᠠᠯ ᠳᠠᠷᠤᠶᠢᠬᠠᠨ | ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠵᠦ᠂ ᠬᠠᠯᠳᠠᠪᠤᠷᠢᠳᠤ ᠡᠪᠡᠳᠴᠢᠨ ᠤ | ᠪᠠᠶᠢᠴᠠᠭᠠᠯᠲᠠ ᠪᠠ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠭᠡᠷᠡᠭᠵᠢᠬᠦᠯᠬᠦ ᠳᠤ ᠢᠳᠡᠪᠬᠢᠲᠡᠢ ᠬᠠᠮᠵᠢᠯᠴᠠᠬᠤ | ᠪᠤᠯᠪᠠᠤ᠃ | ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ ᠢ ᠢᠯᠡᠬᠦᠭᠡᠨ | ᠠᠩᠬᠠᠷᠴᠤ᠂ ᠰᠡᠷᠭᠡᠶᠢᠯᠡᠯᠳᠡ ᠶᠢᠨ ᠤᠬᠠᠮᠰᠠᠷ ᠢᠶᠠᠨ ᠴᠢᠩᠭᠠᠳᠬᠠᠨ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ | ᠢ ᠲᠠᠷᠬᠠᠭᠠᠬᠤ ᠦᠭᠡᠢ ᠪᠠᠶᠢᠵᠤ᠂ ᠠᠮᠠᠪᠴᠢ ᠵᠡᠭᠦᠬᠦ᠂ ᠭᠠᠷ ᠢᠶᠠᠨ ᠤᠬᠢᠶᠠᠬᠤ᠂ ᠰᠠᠯᠬᠢ ᠨᠡᠪᠳᠡᠷᠡᠬᠦᠯᠬᠦ᠂ ᠠᠶᠤᠯᠬᠦᠢ | ᠵᠠᠢ ᠠᠪᠬᠤ ᠶᠢ ᠪᠠᠷᠢᠮᠳᠠᠯᠠᠨ᠂ ᠪᠦᠬᠡᠮᠨᠡᠷᠡᠵᠦ ᠴᠤᠭᠯᠠᠷᠠᠬᠤ ᠶᠢ ᠴᠡᠭᠡᠷᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠬᠡᠷᠪᠡ | ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠲᠠᠷᠤᠶᠢᠬᠠᠨ | ᠡᠮᠨᠡᠯᠭᠡ ᠳᠤ ᠬᠡᠷᠡᠭᠯᠡᠬᠦ ᠠᠮᠠᠪᠴᠢ ᠵᠡᠭᠦᠵᠦ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ | ᠡᠮᠨᠡᠯᠭᠡ ᠳᠤ ᠬᠦᠷᠴᠦ ᠡᠮᠨᠡᠬᠦᠯᠬᠦ ᠭᠡᠷᠡᠭᠳᠡᠢ᠂ ᠬᠡᠬᠦ ᠳᠤ ᠡᠨᠡ ᠬᠤᠭᠤᠴᠠᠭᠠᠨ ᠳᠤ ᠨᠡᠶᠢᠲᠡ ᠶᠢᠨ ᠮᠠᠰᠢᠨ ᠳᠤ | ᠰᠠᠭᠤᠬᠤ ᠠᠴᠠ ᠵᠠᠶᠢᠯᠠᠰᠬᠢᠨ᠎ᠡ᠃ | ᠬᠤᠰᠢᠭᠤᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 ︱ | 5238137 | | ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ | | 2022 ᠣᠨ ᠤ 11 ᠰᠠᠷ᠎ᠠ ᠶᠢᠨ 11 ᠤ ᠡᠳᠦᠷ |