ᠲᠠᠶᠢᠹᠤᠰᠧ ᠬᠤᠰᠢᠭᠤᠨ ᠤ ᠬᠢᠨ ᠰᠢᠯᠤᠭᠤᠨ ᠬᠦᠪᠡᠭᠡᠳᠦ ᠴᠠᠭᠠᠨ ᠬᠤᠰᠢᠭᠤᠨ ᠳᠤ ᠲᠣᠭᠤᠷᠢᠨ ᠰᠣᠷᠣᠯᠴᠠᠵᠤ ᠲᠤᠷᠰᠢᠯᠭ᠎ᠠ ᠰᠤᠯᠢᠯᠴᠠᠭᠰᠠᠨ
ᠨᠡᠶᠢᠲᠡᠯᠡᠭᠰᠡᠨ ᠴᠠᠭ᠄
2022/11/14
    ᠣᠶᠢᠷ᠎ᠠ ᠳᠤ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠡᠯ᠎ᠡ ᠰᠤᠮᠤ ᠰᠢᠶᠠᠩ ᠪᠠᠯᠭᠠᠰᠤᠨ ᠤ ᠤᠬᠠᠭᠤᠯᠬᠤ ᠭᠡᠰᠢᠭᠦᠨ ᠪᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠨᠢᠷᠤᠭᠤᠪᠴᠢ ᠬᠦᠴᠦᠨ ᠢ ᠵᠣᠬᠢᠶᠠᠨ ᠪᠠᠶᠢᠭᠤᠯᠵᠤ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ︽ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠭᠤᠷᠢᠨ ᠦᠵᠡᠭᠰᠡᠨ ᠪᠠᠶᠢᠨ᠎ᠠ᠃  ᠲᠤᠭᠤᠷᠢᠨ ᠰᠤᠷᠤᠯᠴᠠᠬᠤ ᠳᠤᠭᠤᠶᠢᠯᠠᠩ ᠤᠨ ᠬᠢᠨ ᠰᠢᠨ ᠾᠧ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠲᠣᠭᠤᠷᠢᠨ ᠦᠵᠡᠵᠦ᠂  ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠪᠠᠶᠢᠭᠤᠯᠤᠯᠲᠠ ᠶᠢ ᠬᠡᠷᠬᠢᠨ ᠰᠠᠶᠢᠲᠤᠷ ᠬᠢᠬᠦ ᠶᠢᠨ ᠲᠣᠭᠤᠷᠢᠨ ᠳᠤ᠂  ᠪᠠᠶᠢᠭᠤᠯᠤᠮᠵᠢ ᠶᠢᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠡᠬᠢ ᠪᠠᠶᠠᠯᠢᠭ ᠢ ᠨᠡᠶᠢᠳᠬᠡᠬᠦ ᠵᠡᠷᠭᠡ ᠲᠠᠯ᠎ᠠ ᠪᠠᠷ  ᠲᠤᠰᠬᠤᠨ  ᠤ ᠨᠠᠮ ᠤᠨ ᠡᠬᠦᠷ ᠤᠨ ᠱᠦᠵᠢ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠲᠡᠮᠳᠡᠭᠯᠡᠭᠰᠡᠨ ᠪᠦᠬᠡᠳ ᠬᠠᠮᠢᠶ᠎ᠠ ᠪᠦᠬᠦᠢ ᠲᠠᠩᠰᠠ ᠮᠠᠲ᠋ᠧᠷᠢᠶᠠᠯ ᠢ ᠤᠷᠪᠠᠭᠤᠯᠤᠨ ᠦᠵᠡᠵᠦ᠂  ᠠᠷᠭ᠎ᠠ ᠲᠤᠷᠰᠢᠯᠭ᠎ᠠ ᠪᠠᠨ ᠰᠤᠯᠢᠯᠴᠠᠵᠠᠢ᠃   ᠲᠤᠭᠤᠷᠢᠨ ᠰᠤᠷᠤᠯᠴᠠᠬᠤ ᠲᠤᠭᠤᠶᠢᠯᠠᠩ ᠤᠨ ᠬᠢᠨ ᠪᠠᠰᠠ ᠴᠠᠭᠠᠨ ᠪᠤᠮᠪᠤᠨ ᠭᠠᠴᠠᠭᠠᠨ ᠤ ︽ ᠪᠣᠯᠪᠠᠰᠤᠨ ᠪᠦᠯᠬᠦᠮᠳᠡᠯᠳᠦ ᠴᠢᠯᠦᠬᠡᠳᠦ ᠳᠡᠯᠭᠡᠭᠦᠷ︾ ᠢ ᠲᠣᠭᠤᠷᠢᠨ ᠦᠵᠡᠵᠦ᠂ ᠬᠤᠪᠢ ᠬᠤᠷᠠᠮᠳᠤᠭᠤᠯᠬᠤ ᠳᠦᠷᠢᠮ᠂ ᠬᠠᠮᠢᠶᠠᠷᠤᠯᠲᠠ ᠶᠢᠨ ᠳᠦᠷᠢᠮ᠂ ᠠᠵᠢᠯᠯᠠᠭᠠᠨ ᠤ ᠪᠠᠶᠢᠳᠠᠯ ᠢ ᠨᠠᠷᠢᠨ  ᠤᠶᠢᠯᠠᠭᠠᠭᠰᠠᠨ ᠪᠦᠭᠡᠳ ᠮᠢᠩᠭᠠᠨᠲᠤ  ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠳᠤ ᠬᠦᠷᠴᠦ  ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠲᠠᠭᠤ  ᠲᠤᠨᠤᠭ ᠤᠨ ᠪᠠᠶᠢᠭᠤᠯᠤᠯᠲᠠ᠂ ᠬᠦᠳᠡᠯᠪᠦᠷᠢ ᠠᠵᠢᠯᠯᠠᠭᠠᠨ ᠤ ᠪᠠᠶᠢᠳᠠᠯ᠂   ᠤᠬᠠᠭᠤᠯᠭ᠎ᠠ ᠮᠡᠳᠡᠭᠡᠯᠡᠯ᠂ ᠳᠠᠩᠰᠠ ᠡᠪᠬᠡᠮᠡᠯ ᠤᠨ ᠬᠠᠮᠢᠶᠠᠷᠤᠯᠲᠠ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ᠂ ᠪᠠᠳᠤᠯᠠᠭᠠᠨ ᠤ ᠠᠷᠭ᠎ᠠ ᠬᠡᠮᠵᠢᠶ᠎ᠡ ᠵᠡᠷᠭᠡ  ᠲᠠᠯ᠎ᠠ ᠪᠠᠷ  ᠬᠢ ᠠᠮᠵᠢᠯᠲᠠ ᠲᠤᠷᠰᠢᠯᠭ᠎ᠠ ᠶᠢ ᠨᠠᠷᠢᠨ ᠤᠶᠢᠯᠠᠭᠠᠭᠰᠠᠨ ᠪᠠᠶᠢᠨ᠎ᠠ᠃ ᠡᠨᠡ  ᠤᠳᠠᠭᠠᠨ ᠤ ᠲᠣᠭᠤᠷᠢᠨ ᠰᠤᠷᠤᠯᠴᠠᠬᠤ  ᠠᠵᠢᠯᠯᠠᠭᠠᠨ ᠤ ᠴᠠᠭ ᠪᠠᠴᠢᠮ ᠪᠤᠯᠪᠠᠴᠤ ᠠᠭᠤᠯᠭ᠎ᠠ ᠪᠠᠶᠠᠯᠢᠭ ᠪᠠᠶᠢᠵᠤ᠂  ᠳᠤᠭᠤᠶᠢᠯᠠᠩ ᠤᠨ ᠭᠡᠰᠢᠬᠦᠳ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠠᠰᠠᠭᠤᠵᠤ᠂ ᠰᠤᠷᠤᠯᠴᠠᠬᠤ ᠶᠢᠨ ᠳᠠᠭᠠᠤ ᠲᠡᠮᠳᠡᠭᠯᠡᠯ ᠬᠢᠵᠦ᠂  ᠣᠶᠢᠯᠠᠭᠠᠯᠲᠠ ᠲᠦᠷᠦᠭᠳᠡᠯ ᠢᠶᠠᠨ ᠬᠠᠷᠢᠯᠴᠠᠨ ᠰᠤᠯᠢᠯᠴᠠᠭᠠᠳ᠂ ᠮᠠᠰᠢ ᠰᠠᠶᠢᠨ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠠᠬ᠎ᠠ ᠳᠡᠭᠦᠦ ᠬᠤᠰᠢᠭᠤ ᠰᠢᠶᠠᠨ ᠤ ᠲᠡᠷᠢᠭᠦᠨ ᠤ ᠠᠷᠭ᠎ᠠ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ ᠬᠤᠰᠢᠭᠤᠨ ᠤ ᠪᠠᠨ ᠪᠣᠳᠠᠲᠤ ᠪᠠᠶᠢᠳᠠᠯ  ᠳᠤ ᠰᠠᠭᠤᠷᠢᠯᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠢᠴᠢ ︽ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ︾ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ +︾ ᠪᠠᠷ ᠭᠠᠷᠳᠠᠴᠠ ᠪᠤᠯᠭᠠᠨ᠂ ︽ᠣᠯᠠᠨ ᠲᠦᠮᠡᠨ ᠬᠠᠮᠢᠭ᠎ᠠ ᠪᠠᠶᠢᠪᠠᠯ᠂ ᠪᠣᠯᠪᠠᠰᠤᠨ ᠤ ᠦᠢᠯᠡᠳᠦᠯᠭᠡ ᠲᠡᠨᠳᠡ ᠪᠠᠶᠢᠬᠤ︾   ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号