11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ | ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠣᠣ ᠹᠧᠢ ᠫᠧᠩ 2022 ᠣᠨ ᠤ ᠬᠤᠰᠢᠭᠤ | ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠵᠢᠴᠢ ᠰᠤᠮᠤ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠵᠤᠤ ᠹᠧᠢ | ᠫᠧᠩ ᠶᠠᠷᠢᠶᠠᠨ ᠳᠠᠭᠠᠨ᠂ ᠲᠠᠶᠢᠹᠤᠰᠧ ᠳᠤ ᠰᠠᠭᠤᠭ᠎ᠠ ᠡᠯ᠎ᠡ ᠴᠡᠷᠢᠭ ᠴᠠᠭᠳᠠᠭ᠎ᠠ ᠶᠢᠨ ᠠᠩᠭᠢ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ | ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠰᠤᠮᠤ ᠰᠢᠶᠠᠩ | ᠪᠠᠯᠭᠠᠰᠤ ᠨᠢ ᠨᠠᠮ ᠠᠴᠠ ᠵᠡᠪᠰᠡᠭᠲᠦ ᠬᠦᠴᠦᠨ ᠤ ᠠᠵᠢᠯ ᠢ ᠬᠠᠮᠢᠶᠠᠷᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠡᠭᠡᠨ ᠣᠷᠣᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠵᠦ᠂ ᠰᠤᠮᠤ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠨᠢ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ | ᠡᠷᠦᠬᠡ ᠶᠢᠨ ᠴᠡᠷᠢᠭ ᠤᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠶᠢᠨ ᠲᠤᠰᠢᠶᠠᠯ ᠢ ᠬᠠᠪᠰᠤᠷᠭᠠᠨ | ᠬᠠᠷᠢᠭᠤᠴᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠬᠠᠮᠳᠤᠪᠠᠷ ᠬᠠᠮᠢᠶᠠᠷᠬᠤ ᠬᠠᠮᠲᠤ ᠪᠠᠷ | ᠤᠷᠤᠭᠰᠢᠯᠠᠬᠤ ᠰᠠᠶᠢᠨ ᠰᠠᠶᠢᠬᠠᠨ ᠪᠠᠶᠢᠳᠠᠯ ᠤᠨ ᠪᠣᠶ ᠪᠣᠯᠬᠤ ᠶᠢ ᠠᠬᠢᠭᠤᠯᠬᠤ ᠬᠡᠷᠡᠭᠲᠡᠢ᠃ ᠴᠡᠷᠢᠭ ᠠᠩᠭᠢ ᠪᠠ | ᠣᠷᠣᠨ ᠨᠤᠲᠤᠭ ᠤᠨ ᠬᠠᠮᠲᠤᠪᠠᠷ ᠪᠠᠶᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ | ᠣᠷᠣᠭᠤᠯᠤᠨ ᠪᠤᠳᠤᠯᠬᠢᠯᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠳᠤ ᠲᠠᠯᠪᠢᠨ ᠲᠠᠨᠢᠵᠤ᠂ ︽ᠬᠤᠶᠠᠷ ᠢ | ᠬᠦᠷᠢᠶᠡᠯᠡᠬᠦ︾ ᠠᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠬᠦᠯᠦᠨ᠂ ᠦᠢᠯᠡᠴᠢᠯᠡᠭᠡ ᠪᠠᠳᠤᠯᠠᠭᠠᠨ ᠤ | ᠠᠵᠢᠯ ᠢ ᠦᠨᠡᠨᠬᠦ ᠰᠠᠶᠢᠨ ᠬᠢᠵᠦ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠤᠯᠠᠮᠵᠢᠯᠠᠯ ᠢ ᠶᠡᠬᠡᠪᠡᠷ | ᠪᠠᠳᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠦ ᠰᠢᠨ ᠹᠧᠩ ᠠᠴᠠ | ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠳᠡᠳ᠋ ᠬᠤᠰᠢᠭᠤ ᠳᠠᠷᠤᠭ᠎ᠠ ᠶᠢᠨ ᠶᠦᠩ ᠾᠧ ᠠᠴᠠ 2022 ᠣᠨ ᠤ ᠠᠶᠢᠮᠠᠭ ᠤᠨ ᠨᠠᠮ ᠤᠨ | ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠲᠡᠭᠡᠷ᠎ᠡ ᠪᠠᠰᠠ | ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠠᠢ | ᠃ ᠯᠢ ᠵᠠᠨ ᠷᠦᠢ᠂ ᠸᠠᠩ ᠸᠧᠢ ᠬᠤᠩ᠂ ᠬᠡᠰᠢᠭᠲᠦ᠂ ᠳ᠋ᠦ᠋ ᠸᠧᠢ᠂ ᠰᠡᠴᠡᠨᠴᠣᠭᠲᠤ᠂ ᠵᠣᠣ ᠬᠠᠢ ᠯᠢ ᠵᠢᠴᠢ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠬᠤᠰᠢᠭᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ |