ᠵᠣᠣ ᠹᠧᠢ ᠫᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/11/17
  11 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠪᠣᠭᠤᠮᠲᠠ  ᠵᠢᠴᠢ ᠪᠥᠭᠡᠮ ᠬᠦᠴᠢᠯ ᠤᠨ ᠪᠠᠶᠢᠴᠠᠭᠠᠯᠳᠠ ᠶᠢᠨ ᠠᠵᠢᠯᠲᠠᠨ ᠤ ᠬᠢᠷᠢ ᠴᠢᠳᠠᠪᠤᠷᠢ ᠶᠢ ᠰᠢᠯᠭᠠᠬᠤ ᠠᠬᠤᠢ ᠲᠠᠯᠠᠪᠠᠢ ᠳᠤ ᠬᠦᠨᠵᠡᠬᠡᠶᠢᠷᠡᠵᠦ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠪᠥᠭᠡᠮ ᠬᠦᠴᠢᠯ ᠤᠨ ᠪᠠᠶᠢᠴᠠᠭᠠᠯᠳᠠ ᠬᠢᠬᠦ᠂ ᠮᠡᠳᠡᠭᠡ ᠵᠠᠩᠭᠢ ᠶᠢ ᠰᠢᠰᠲ᠋ᠧᠮ ᠳᠤ ᠤᠷᠤᠭᠤᠯᠬᠤ  ᠬᠢᠷᠢ ᠴᠢᠳᠠᠪᠤᠷᠢ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠢᠵᠢᠭ ᠰᠡᠷᠭᠡᠶᠢᠯᠡᠬᠦ ᠨᠢᠭᠡᠳᠦᠭᠡᠷ ᠹᠷᠣᠨᠲ ᠶᠢ ᠪᠠᠲᠤ ᠰᠠᠬᠢᠵᠤ ᠪᠠᠶᠢᠭ᠎ᠠ ᠺᠠᠳᠠᠷ ᠠᠵᠢᠯᠲᠠᠳ ᠢ  ᠬᠠᠯᠠᠮᠵᠢᠯᠠᠨ ᠲᠤᠬᠤᠨᠢᠭᠤᠯᠤᠭᠰᠠᠨ ᠪᠠᠶᠢᠨ᠎ᠠ᠃ ᠵᠣᠣ ᠹᠧᠢ ᠫᠧᠩ᠂ ᠣᠳᠣᠬᠠᠨ ᠳᠤ ᠬᠢᠵᠢᠭ ᠤᠨ ᠪᠠᠶᠢᠳᠠᠯ ᠬᠦᠨᠳᠦ ᠭᠡᠴᠡᠬᠦᠦ ᠪᠠᠶᠢᠵᠤ  ᠂ ᠰᠡᠷᠭᠡᠶᠢᠯᠡᠨ ᠡᠵᠡᠮᠳᠡᠬᠦ ᠠᠵᠢᠯ ᠡᠬᠦᠷᠭᠡ ᠴᠤ ᠨᠦᠰᠡᠷ ᠬᠠᠳᠠᠭᠤ ᠪᠠᠶᠢᠭ᠎ᠠ᠂ ᠡᠯ᠎ᠡ ᠵᠠᠮ ᠬᠠᠷᠢᠯᠴᠠᠭᠠᠨ ᠤ ᠪᠣᠭᠤᠮᠲᠠ ᠨᠢ ᠬᠢᠵᠢᠭ ᠰᠡᠷᠭᠡᠶᠢᠯᠡᠬᠦ  ᠲᠥᠷᠥ   ᠶᠢᠨ ᠪᠣᠳᠣᠯᠭ᠎ᠠ   ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ   ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠺᠣᠳ᠋ ᠰᠢᠷᠪᠢᠵᠦ ᠲᠠᠩᠰᠠᠯᠠᠬᠤ᠂ ᠪᠦᠬᠡᠮ ᠬᠦᠴᠢᠯ   ᠤᠨ ᠪᠠᠶᠢᠴᠠᠭᠠᠯᠳᠠ ᠬᠢᠬᠦ ᠬᠤᠷᠳᠤᠴᠠ ᠪᠠᠨ ᠲᠦᠷᠭᠡᠳᠬᠡᠵᠦ᠂  ᠮᠦᠷᠯᠡᠵᠦ ᠬᠦᠯᠢᠶᠡᠬᠦ ᠴᠠᠭ ᠢ ᠪᠤᠭᠤᠨᠢᠰᠬᠠᠨ᠂ ᠬᠥᠮᠥᠨ ᠣᠯᠠᠨ ᠴᠤᠭᠯᠠᠷᠠᠬᠤ   ᠶᠢ ᠰᠡᠷᠭᠡᠶᠢᠯᠡᠵᠦ᠂ ᠪᠦᠬᠡᠮ ᠬᠦᠴᠢᠯ ᠤᠨ ᠪᠠᠶᠢᠴᠠᠭᠠᠯᠳᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠶᠢᠬᠤ ᠶᠢ  ᠪᠠᠲᠤᠯᠠᠬᠤ ᠬᠡᠷᠡᠭᠲᠡᠢ᠃  ᠺᠠᠳᠠᠷ ᠠᠵᠢᠯᠳᠠᠨ ᠨᠢᠬᠡᠪᠦᠷᠢ ᠠᠵᠢᠯᠯᠠᠬᠤ ᠶᠠᠪᠤᠴᠠ ᠪᠠ ᠬᠡᠷᠡᠭᠯᠡᠬᠦ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂  ᠪᠠᠴᠢᠮ ᠪᠠᠶᠢᠳᠠᠯ ᠢ ᠰᠢᠢᠳᠪᠦᠷᠢᠯᠡᠬᠦ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂   ᠴᠢᠬᠤᠯᠠᠳᠠᠢ ᠦᠶ᠎ᠡ  ᠳᠤ  ᠪᠥᠭᠡᠮ ᠬᠦᠴᠢᠯ ᠤᠨ ᠪᠠᠶᠢᠴᠠᠭᠠᠯᠳᠠ ᠶᠢᠨ ᠥᠨᠳᠥᠷ ᠪᠦᠲᠦᠮᠵᠢᠲᠡᠶ ᠶᠠᠪᠤᠭᠳᠠᠬᠤ ᠶᠢ ᠪᠠᠳᠤᠯᠠᠨ᠂ ᠪᠥᠬᠦ ᠬᠤᠰᠢᠭᠤᠨ ᠤ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠰᠠᠭᠤᠷᠢ ᠲᠠᠯᠪᠢᠬᠤ ᠭᠡᠷᠡᠭᠳᠡᠢ ᠭᠡᠵᠦ ᠴᠢᠬᠤᠯᠠᠴᠢᠯᠠᠪᠠ  ᠃ ᠯᠢ ᠴᠦᠨ ᠭᠤᠸᠠᠩ᠂ ᠯᠢᠦ ᠲᠢᠩ ᠰᠢᠸ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号