ᠯᠢ ᠵᠠᠨ ᠪᠦᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/11/17
11 ᠰᠠᠷ᠎ᠠ ᠶᠢᠨ 15 ᠤ ᠡᠳᠦᠷ᠂ ᠳᠡᠳ᠋ ᠬᠤᠰᠢᠭᠤ ᠳᠠᠷᠤᠭ᠎ᠠ ᠯᠢ ᠵᠠᠨ ᠪᠦᠦ ᠰᠢᠩ ᠹᠦ᠋ ᠰᠢᠶᠠᠩ ᠤᠨ ᠨᠤᠤ ᠶᠠᠨ ᠲᠣᠰᠬᠤᠨ ᠳᠤ  ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠵᠦ ᠬᠠᠮᠢᠶ᠎ᠠ ᠪᠦᠬᠦᠢ ᠠᠵᠢᠯ ᠢ  ᠵᠢᠭᠠᠨ ᠵᠢᠯᠤᠭᠤᠳᠴᠠᠢ᠃ ᠨᠠᠮ ᠤᠨ ᠬᠤᠷᠢᠶᠠᠨ ᠤ ᠳᠡᠳ᠋ ᠱᠦᠵᠢ᠂  ᠰᠢᠶᠠᠩ ᠤᠨ ᠳᠠᠷᠤᠭ᠎ᠠ ᠵᠣᠣ ᠢᠦᠢ ᠪᠦᠦ᠂  ᠳᠡᠳ᠋ ᠰᠢᠶᠠᠩ ᠤᠨ ᠳᠠᠷᠤᠭ᠎ᠠ ᠸᠠᠩ ᠸᠧᠨ ᠵᠢᠩ  ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠬᠡᠰᠢᠬᠦᠳ᠂ ᠬᠡᠰᠡᠭ  ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠡᠰᠢᠬᠦᠳ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠪᠠ᠃  ᠯᠢ ᠵᠠᠨ ᠪᠦᠦ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠰᠣᠯᠢᠯᠴᠠᠨ ᠶᠠᠷᠢᠯᠴᠠᠭᠰᠠᠨ ᠤ ᠬᠠᠮᠳᠤ᠂  ᠰᠢᠶᠠᠩ ᠲᠣᠰᠬᠤᠨ ᠤ ᠡᠯ᠎ᠡ ᠲᠦᠷᠦᠯ ᠤᠨ ᠠᠵᠢᠯ  ᠤᠨ ᠪᠠᠶᠢᠳᠠᠯ ᠢ ᠨᠠᠷᠢᠨ ᠨᠢᠮᠪᠠᠢ ᠠᠰᠠᠭᠤᠨ  ᠯᠠᠪᠯᠠᠵᠤ᠂ ᠰᠤᠮᠤ ᠰᠢᠶᠠᠩ ᠪᠠᠯᠭᠠᠰᠤᠨ ᠤ ᠬᠠᠷᠢᠯᠴᠠᠨ ᠪᠠᠶᠢᠴᠠᠭᠠᠬᠤ  ᠠᠵᠢᠯ᠂  ᠶᠠᠳᠠᠭᠤᠷᠠᠯ ᠢ ᠰᠡᠷᠭᠡᠶᠢᠯᠡᠬᠦ ᠪᠠᠳᠤᠯᠠᠭᠠᠨ ᠤ ᠲᠥᠷᠥ ᠶᠢᠨ ᠪᠣᠳᠣᠯᠭ᠎ᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂  ᠣᠷᠣᠨ ᠰᠠᠭᠤᠴᠠ ᠶᠢᠨ ᠪᠠᠲᠤᠯᠠᠭ᠎ᠠ᠂  ᠲᠡᠵᠢᠭᠡᠨ ᠦᠷᠡᠵᠢᠭᠦᠯᠬᠦ  ᠠᠵᠤ ᠦᠢᠯᠡᠰ ᠵᠡᠷᠭᠡ ᠲᠠᠯ᠎ᠠ ᠪᠠᠷ ᠵᠢᠭᠠᠨ ᠵᠢᠯᠤᠭᠤᠳᠤᠭᠰᠠᠨ ᠪᠠᠶᠢᠨ᠎ᠠ  ᠃ ᠯᠢ ᠵᠠᠨ ᠪᠦᠦ ᠴᠢᠬᠤᠯᠠᠴᠢᠯᠠᠬᠤ ᠳᠠᠭᠠᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠲᠦᠷᠦᠯ ᠤᠨ ᠠᠵᠢᠯ ᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠢᠨ᠎ᠡ ᠵᠠᠮ ᠳᠤ ᠠᠩᠬᠠᠷᠤᠯ ᠢᠶᠠᠨ ᠲᠦᠪᠯᠡᠷᠡᠬᠦᠯᠦᠨ᠂  ᠲᠠᠷᠢᠶᠠᠴᠢᠳ ᠤᠨ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂  ᠰᠤᠮᠤ ᠰᠢᠶᠠᠩ ᠪᠠᠯᠭᠠᠰᠤᠨ ᠤ ᠬᠠᠷᠢᠯᠴᠠᠨ ᠪᠠᠶᠢᠴᠠᠭᠠᠬᠤ ᠠᠵᠢᠯ ᠢ ᠰᠠᠶᠢᠲᠤᠷ ᠪᠡᠶᠡᠯᠡᠬᠦᠯᠦᠨ᠂  ᠬᠢᠨᠠᠮᠠᠭᠠᠢ ᠪᠠᠶᠢᠴᠠᠭᠠᠵᠤ ᠲᠤᠶᠢᠯᠪᠤᠷᠢᠲᠠᠢ ᠴᠡᠭᠴᠡᠯᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠲᠡᠭᠡᠳᠦ ᠱᠠᠳᠤᠨ ᠤ ᠬᠢᠨᠠᠨ ᠰᠢᠯᠭᠠᠯᠲᠠ ᠶᠢ ᠤᠭᠲᠤᠬᠤ ᠬᠡᠷᠡᠭᠲᠡᠢ ᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号