ᠲᠠᠶᠢᠹᠤᠰᠧ ᠬᠤᠰᠢᠭᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠯᠳᠡ ᠦᠷᠨᠢᠬᠦᠯᠦᠭᠰᠡᠨ
ᠨᠡᠶᠢᠲᠡᠯᠡᠭᠰᠡᠨ ᠴᠠᠭ᠄
2022/11/17
  11 ᠰᠠᠷ᠎ᠠ ᠶᠢᠨ 9  ᠠᠴᠠ 11 ᠤ ᠡᠳᠦᠷ ᠪᠣᠯᠲᠠᠯ᠎ᠠ᠂  ᠭᠠᠵᠠᠷ ᠤᠨ ᠳᠡᠰ ᠤᠨ ᠤᠳᠤᠷᠢᠳᠤᠯᠭ᠎ᠠ ᠳᠠᠭᠠᠭᠤᠯᠵᠤ᠂  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠢᠴᠢ  ᠸᠧᠢ ᠰᠧ ᠲᠧ  ᠰᠢᠳᠠᠮᠠᠬᠠᠢ ᠬᠡᠢ ᠶᠢᠨ ᠺᠣᠮᠫᠠᠨᠢ᠂ ᠳ᠋ᠢᠩ ᠱᠧᠩ ᠶᠤᠸᠠᠨ  ᠰᠢᠳᠠᠮᠠᠬᠠᠢ ᠬᠡᠢ ᠶᠢᠨ ᠥᠷᠲᠡᠭᠡ ᠵᠡᠷᠭᠡ ᠠᠵᠤ ᠠᠬᠤᠶᠢᠯᠠᠯ  ᠢᠶᠠᠷ ᠪᠦᠷᠢᠯᠳᠦᠭᠰᠡᠨ  ᠭᠤᠷᠪᠠᠨ ᠪᠠᠶᠢᠴᠠᠭᠠᠬᠤ ᠲᠤᠭᠤᠶᠢᠯᠠᠩ  ᠪᠦᠬᠦ ᠬᠤᠰᠢᠭᠤᠨ ᠤ  ᠰᠢᠳᠠᠮᠠᠬᠠᠢ ᠬᠡᠢ ᠭᠡᠷᠡᠭᠯᠡᠵᠦ ᠪᠠᠶᠢᠭ᠎ᠠ ᠢᠳᠡᠭᠡᠨ ᠤᠮᠳᠠᠭᠠᠨ ᠤ ᠨᠢᠭᠡᠴᠡ ᠳᠤ ᠲᠤᠰᠬᠠᠢ ᠪᠠᠶᠢᠴᠠᠭᠠᠯᠲᠠ ᠬᠢᠵᠡᠢ᠃  ᠪᠠᠶᠢᠴᠠᠭᠠᠯᠲᠠ ᠪᠠᠷ ᠳᠠᠮᠵᠢᠭᠠᠳ᠂  ᠰᠢᠲᠠᠮᠠᠬᠠᠢ ᠬᠡᠢ ᠶᠢᠨ ᠯᠡᠪᠡᠷᠡᠬᠦ ᠶᠢ ᠰᠡᠷᠭᠡᠶᠢᠯᠡᠬᠦ ᠰᠡᠷᠡᠮᠵᠢ ᠶᠢᠨ ᠳᠣᠬᠢᠶᠠᠨ ᠤ ᠲᠣᠨᠣᠭᠯᠠᠯ ᠪᠣᠯᠣᠨ ᠬᠡᠶᠢᠳᠦ ᠰᠠᠪᠠ ᠶᠢᠨ ᠵᠠᠢ ᠨᠢ ᠬᠡᠲᠦ ᠬᠤᠯᠠ ᠪᠠᠶᠢᠬᠤ᠂ ᠠᠷ ᠲᠠᠢ ᠲᠡᠮᠦᠷᠯᠢᠭ ᠬᠤᠭᠤᠯᠠᠢ ᠬᠡᠷᠡᠭᠯᠡᠭᠰᠡᠨ ᠦᠭᠡᠢ ᠪᠠᠶᠢᠬᠤ᠂ ᠰᠢᠲᠠᠮᠠᠬᠠᠢ ᠬᠡᠢ ᠶᠢᠨ ᠵᠤᠤᠬ᠎ᠠ ᠪᠣᠯᠣᠨ ᠰᠢᠲᠠᠮᠠᠬᠠᠢ ᠬᠡᠢ ᠶᠢᠨ ᠰᠠᠪᠠ ᠶᠢᠨ ᠵᠠᠢ ᠨᠢ ᠬᠡᠲᠦ ᠣᠶᠢᠷ᠎ᠠ ᠪᠠᠶᠢᠬᠤ ᠵᠡᠷᠭᠡ ᠨᠡᠶᠢᠲᠡᠯᠢᠭ ᠴᠢᠨᠠᠷᠲᠠᠢ ᠠᠰᠠᠭᠤᠳᠠᠯ ᠣᠷᠣᠰᠢᠵᠤ ᠪᠠᠶᠢᠭ᠎ᠠ ᠶᠢ ᠢᠯᠡᠷᠡᠬᠦᠯᠵᠡᠢ᠃  ᠡᠨᠡ ᠤᠳᠠᠭᠠᠨ ᠤ ᠪᠠᠶᠢᠴᠠᠭᠠᠯᠳᠠ ᠳᠤ  ᠨᠡᠶᠢᠲᠡ 215  ᠨᠢᠬᠡᠴᠡ ᠶᠢ  ᠬᠠᠮᠤᠷᠴᠤ᠂  ᠠᠮᠤᠷ ᠲᠦᠪᠰᠢᠨ ᠤ ᠳᠠᠯᠳᠠ ᠬᠡᠮ 175 ᠶᠢ  ᠢᠯᠡᠷᠡᠬᠦᠯᠦᠭᠡᠳ᠂ 175 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂  ᠲᠠᠷᠤᠶᠢᠬᠠᠨ ᠬᠡᠷᠡᠭᠵᠢᠭᠦᠯᠵᠦ  ᠲᠠᠷᠤᠶᠢᠬᠠᠨ ᠰᠠᠶᠢᠵᠢᠷᠠᠭᠤᠯᠬᠤ ᠪᠠ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号