ᠯᠦᠸᠧ ᠲᠦᠸᠧ ᠱᠠᠨ ᠪᠠᠯᠭᠠᠰᠤ᠄  ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2022/11/17
11 ᠰᠠᠷ᠎ᠠ ᠶᠢᠨ 15 ᠤ ᠡᠳᠦᠷ᠂  ᠯᠦᠸᠧ ᠲᠦᠸᠧ ᠱᠠᠨ ᠪᠠᠯᠭᠠᠰᠤᠨ ᠤ ᠵᠠᠰᠠᠭ ᠤᠨ ᠣᠷᠳᠣᠨ ᠠᠴᠠ  ᠯᠦᠸᠧ ᠲᠦᠸᠧ ᠱᠠᠨ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠪᠠ  ᠵᠠᠩ ᠹᠠᠩ ᠱᠠᠨ ᠲᠣᠰᠬᠤᠨ ᠤ ᠦᠶᠡᠷ ᠵᠠᠯᠠᠬᠤ ᠰᠤᠪᠠᠭ ᠤᠨ ᠢᠨᠵᠧᠨᠧᠷᠢᠩ ᠤᠨ ᠲᠥᠷᠥᠯ ᠵᠦᠢᠯ ᠢ ᠰᠢᠯᠭᠠᠨ ᠠᠪᠬᠤ ᠬᠤᠷᠠᠯ ᠬᠢᠵᠡᠢ᠃ ᠳᠡᠳ᠋ ᠪᠠᠯᠭᠠᠰᠤᠨ ᠳᠠᠷᠤᠭ᠎ᠠ ᠦ᠋ ᡁᠢ ᠸᠧᠢ ᠬᠤᠷᠠᠯ ᠢ ᠡᠷᠬᠢᠯᠡᠵᠦ᠂  ᠳᠦᠷᠦᠯ ᠵᠦᠢᠯ ᠢ ᠰᠢᠯᠭᠠᠨ ᠠᠪᠬᠤ ᠳᠤᠭᠤᠶᠢᠯᠠᠩ ᠤᠨ ᠭᠡᠰᠢᠬᠦᠳ᠂  ᠪᠠᠷᠢᠯᠭ᠎ᠠ ᠶᠢᠨ ᠠᠵᠢᠯ ᠢ ᠲᠠᠭᠠᠭᠠᠴᠢᠯᠠᠭᠰᠠᠨ ᠲᠠᠯ᠎ᠠ᠂ ᠬᠢᠨᠠᠨ ᠬᠠᠮᠢᠶᠠᠷᠬᠤ ᠲᠠᠯ᠎ᠠ᠂ ᠲᠣᠰᠬᠤᠨ ᠳᠠᠭᠠᠭᠠᠴᠢᠯᠠᠭᠰᠠᠨ ᠤᠳᠤᠷᠢᠳᠤᠯᠭ᠎ᠠ ᠪᠣᠯᠣᠨ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ  ᠤᠷᠤᠯᠴᠠᠪᠠ᠃ ᠬᠤᠷᠠᠯ ᠳᠡᠭᠡᠷ᠎ᠡ᠂  ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ  ᠠᠴᠠ ᠠᠵᠢᠯ ᠤᠨ ᠮᠡᠳᠡᠭᠦᠯᠦᠯᠲᠡ ᠬᠢᠵᠦ᠂ ᠰᠢᠯᠭᠠᠨ ᠠᠪᠬᠤ ᠳᠤᠭᠤᠶᠢᠯᠠᠩ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠦᠨᠡᠯᠡᠯᠲᠡ ᠪᠠ ᠰᠠᠨᠠᠭᠤᠯᠭ᠎ᠠ ᠪᠠᠨ ᠨᠡᠶᠢᠲᠡᠯᠡᠪᠡ᠃ ᠳᠠᠷᠠᠭ᠎ᠠ ᠨᠢ᠂ ᠰᠢᠯᠭᠠᠨ ᠠᠪᠬᠤ ᠳᠤᠭᠤᠶᠢᠯᠠᠩ ᠠᠴᠠ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠠᠰᠠᠭᠤᠵᠤ ᠰᠤᠷᠪᠤᠯᠵᠢᠯᠠᠬᠤ ᠠᠷᠭ᠎ᠠ ᠮᠠᠶ᠋ᠢᠭ ᠢᠶᠠᠷ᠂  ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠠᠢ᠃  ᠬᠠᠷᠢᠭᠤ ᠲᠤᠰᠬᠠᠬᠤ ᠬᠤᠷᠠᠯ ᠲᠡᠭᠡᠷ᠎ᠡ᠂  ᠪᠠᠷᠢᠯᠭ᠎ᠠ ᠶᠢᠨ ᠠᠵᠢᠯ ᠨᠢ ᠭᠡᠷ᠎ᠡ ᠳᠤ ᠲᠣᠭᠲᠠᠭᠰᠠᠨ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠪᠥᠬᠦ ᠠᠭᠤᠯᠭ᠎ᠠ ᠶᠢ ᠪᠡᠶᠡᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠨᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠵᠡᠢ ᠬᠡᠵᠦ ᠦᠨᠡᠯᠡᠭᠰᠡᠨ ᠪᠦᠭᠡᠳ  ᠪᠠᠷᠢᠯᠭ᠎ᠠ ᠶᠢᠨ ᠳᠦᠷᠦᠯ ᠵᠦᠢᠯ ᠤᠨ ᠲᠠᠩᠰᠠ ᠮᠠᠲ᠋ᠧᠷᠢᠶᠠᠯ ᠢ ᠰᠠᠶᠢᠲᠤᠷ  ᠡᠮᠬᠢᠳᠬᠡᠨ᠂  ᠣᠯᠠᠨ ᠲᠦᠮᠡᠨ ᠤ ᠬᠠᠨᠤᠮᠵᠢ ᠶᠢᠨ ᠪᠠᠶᠢᠳᠠᠯ ᠤᠨ ᠲᠤᠬᠠᠢ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂  ᠲᠦᠷᠦᠯ ᠵᠦᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠳᠤᠯᠠᠬᠤ  ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号