ᠪᠤᠤᠴᠠᠠᠩ  ᠪᠠᠯᠭᠠᠰᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/17
11 ᠰᠠᠷ᠎ᠠ ᠶᠢᠨ 16 ᠤ ᠡᠳᠦᠷ᠂ ᠪᠤᠤᠴᠠᠩ ᠪᠠᠯᠭᠠᠰᠤ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂  ᠨᠡᠶᠢᠭᠡᠮ ᠲᠣᠭᠤᠷᠢᠭ ᠤᠨ ᠬᠢᠵᠢᠭ ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠳᠠ ᠬᠢᠵᠡᠢ᠃  ᠨᠠᠮ ᠤᠨ ᠬᠤᠷᠢᠶᠠᠨ ᠤ ᠱᠦᠵᠢ ᠸᠠᠩ ᠰᠢ ᠪᠢᠨ ᠬᠤᠷᠠᠯ   ᠢ ᠡᠷᠭᠢᠯᠡᠵᠦ᠂  ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠽᠦᠸᠧ ᡁᠢ ᠭᠦᠸᠧ᠂ ᠳᠡᠳ᠋ ᠪᠠᠯᠭᠠᠰᠤᠨ ᠳᠠᠷᠤᠭ᠎ᠠ  ᠯᠢᠦ ᠴᠦᠨ ᠵᠢᠶᠧ᠂ ᠡᠯ᠎ᠡ ᠨᠡᠶᠢᠭᠡᠮ ᠲᠣᠭᠤᠷᠢᠭ ᠤᠨ ᠨᠠᠮ ᠤᠨ ᠡᠬᠦᠷ ᠤᠨ ᠱᠦᠵᠢ ᠬᠤᠷᠠᠯ ᠳᠤ ᠤᠷᠤᠯᠴᠠᠪᠠ᠃ ᠬᠤᠷᠠᠯ ᠠᠴᠠ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠬᠤᠷᠠᠯ ᠤᠨ ᠵᠣᠷᠢᠭ ᠰᠠᠨᠠᠭ᠎ᠠ  ᠶᠢ  ᠤᠯᠠᠮᠵᠢᠯᠠᠨ᠂ ︽ᠰᠢᠯᠢ ᠶᠢᠨ ᠭᠤᠣᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶  ︾  ᠢ ᠲᠠᠶᠢᠯᠪᠤᠷᠢᠯᠠᠵᠤ᠂ ᠪᠥᠬᠦ ᠪᠠᠯᠭᠠᠰᠤᠨ ᠤ ᠬᠢᠵᠢᠭ ᠰᠡᠷᠭᠡᠶᠢᠯᠡᠬᠦ ᠠᠵᠢᠯ ᠤᠨ ᠪᠠᠶᠢᠳᠠᠯ ᠢ ᠮᠡᠳᠡᠭᠳᠡᠨ᠂ ᠣᠳᠣᠬᠠᠨ ᠤ  ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠸᠠᠩ ᠰᠢ ᠪᠢᠨ ᠶᠠᠷᠢᠶᠠᠨ ᠳᠠᠭᠠᠨ᠂  ᠨᠡᠶᠢᠭᠡᠮ ᠲᠣᠭᠤᠷᠢᠭ ᠤᠨ ᠱᠦᠵᠢ  ᠨᠠᠷ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠢᠴᠢᠭ  ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠡᠭᠡᠵᠢᠯᠡᠨ ᠲᠤᠭᠳᠠᠭᠠᠵᠤ᠂ ᠡᠯ᠎ᠡ  ᠭᠤᠭᠴᠤᠭᠠᠨ ᠤ ᠠᠵᠢᠯ ᠢ ᠥᠨᠳᠥᠷ ᠪᠦᠲᠦᠮᠵᠢᠲᠡᠢ ᠪᠠᠶᠢᠯᠭᠠᠬᠤ ᠬᠡᠷᠡᠭᠲᠡᠢ᠃ ᠬᠠᠮᠤᠭ ᠤᠨ ᠰᠢᠨ᠎ᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠶᠢᠨ ᠬᠠᠮᠲᠤ ᠣᠨᠴᠠᠭᠠᠢ ᠬᠥᠮᠥᠰ ᠲᠤ ᠬᠠᠨᠳᠤᠭᠰᠠᠨ ᠦᠢᠯᠡᠴᠢᠯᠡᠭᠡ ᠶᠢ ᠰᠠᠶᠢᠲᠤᠷ ᠬᠢᠵᠦ᠂ ᠣᠨᠴᠠᠭᠠᠢ ᠬᠥᠮᠥᠰ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠴᠢᠬᠤᠯᠠ ᠪᠦᠬᠦᠢ ᠠᠮᠢᠳᠤᠷᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠢᠷᠡᠭᠰᠡᠨ ᠬᠥᠮᠥᠰ ᠢ  ᠨᠠᠷᠢᠨ ᠨᠢᠮᠪᠠᠢ ᠪᠠᠶᠢᠴᠠᠭᠠᠵᠤ᠂  ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ᠂ ᠮᠠᠨ ᠤ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠢ ᠯᠠᠪᠳᠠᠭᠤᠨ ᠪᠠᠳᠤᠳᠠᠢ  ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ  ᠃ ᠯᠢᠦ ᠴᠦᠨ ᠵᠢᠶᠧ ᠳᠡᠭᠡᠳᠦ ᠱᠠᠲᠤᠨ ᠤ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ   ᠶᠢ ᠤᠯᠠᠮᠵᠢᠯᠠᠵᠤ᠂  ᠲᠤᠰ ᠪᠠᠯᠭᠠᠰᠤᠨ ᠤ ᠬᠢᠵᠢᠭ ᠤᠨ ᠪᠠᠶᠢᠳᠠᠯ   ᠢ ᠰᠡᠷᠭᠡᠶᠢᠯᠡᠨ  ᠡᠵᠡᠮᠳᠡᠬᠦ ᠠᠵᠢᠯ ᠤᠨ ᠶᠡᠷᠦᠩᠬᠡᠢ ᠪᠠᠶᠢᠳᠠᠯ   ᠢ ᠮᠡᠳᠡᠭᠳᠡᠭᠰᠡᠨ ᠤ ᠬᠠᠮᠳᠤ᠂ ᠳᠠᠷᠠᠭᠠᠴᠢ ᠶᠢᠨ ᠬᠤᠭᠤᠴᠠᠭᠠᠨ ᠳᠤ ᠡᠯ᠎ᠡ ᠨᠡᠶᠢᠭᠡᠮ ᠲᠣᠭᠤᠷᠢᠭ ᠤᠨ ᠬᠢᠨ ᠡᠳᠦᠷ ᠪᠦᠷᠢ ᠨᠠᠷᠢᠨ ᠪᠠᠶᠢᠴᠠᠭᠠᠯᠳᠠ ᠬᠢᠵᠦ ᠪᠣᠳᠠᠲᠠᠢ ᠪᠠᠶᠢᠳᠠᠯ ᠢ  ᠤᠶᠢᠯᠠᠭᠠᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠮᠡᠳᠡᠭᠡ ᠵᠠᠩᠭᠢ  ᠶᠢ ᠡᠵᠡᠮᠰᠢᠵᠦ᠂ ᠬᠢᠵᠢᠭ ᠲᠤ ᠬᠤᠯᠪᠣᠭᠳᠠᠭᠰᠠᠨ ᠬᠥᠮᠥᠰ ᠤᠨ ᠡᠬᠡ ᠲᠠᠩᠰᠠ ᠶᠢ ᠪᠠᠶᠢᠭᠤᠯᠤᠨ᠂ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ ᠡᠯ᠎ᠡ ᠲᠦᠷᠦᠯ ᠤᠨ ᠪᠠᠶᠢᠩᠭᠤ ᠶᠢᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠵᠤ᠂ ᠭᠡᠷ ᠲᠡᠭᠡᠨ ᠲᠤᠰᠠᠭᠠᠷᠯᠠᠵᠤ ᠠᠵᠢᠭᠯᠠᠯᠲᠠ ᠬᠢᠬᠦ ᠬᠠᠮᠢᠶᠠᠷᠤᠯᠳᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠬᠢᠨᠠᠮᠠᠭᠠᠢ  ᠰᠠᠶᠢᠨ ᠬᠢᠵᠦ᠂  ᠰᠡᠷᠭᠡᠶᠢᠯᠡᠯᠳᠡ  ᠶᠢᠨ ᠪᠤᠭᠤᠮᠳᠠ ᠶᠢ ᠴᠢᠩᠭ᠎ᠠ ᠰᠠᠬᠢᠨ᠂  ᠬᠠᠮᠠᠭᠠᠯᠠᠯᠳᠠ ᠶᠢᠨ ᠲᠣᠣᠷ ᠢ ᠡᠷᠡᠰ  ᠪᠠᠬᠢᠵᠢᠬᠦᠯᠬᠦ ᠭᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号