ᠬᠤᠰᠢᠭᠤ ᠤᠯᠠᠭᠠᠨᠮᠥ᠋ᠴᠢᠷ ᠤᠨ ᠬᠢᠨ  ᠯᠦᠸᠧ ᠲᠦᠸᠧ ᠱᠠᠨ ᠪᠠᠯᠭᠠᠰᠤᠨ ᠳᠤ ᠤᠷᠠᠨ ᠰᠠᠶᠢᠬᠠᠨ ᠤ ᠲᠤᠭᠯᠠᠯᠳᠠ ᠭᠠᠷᠭᠠᠪᠠ
ᠨᠡᠶᠢᠲᠡᠯᠡᠭᠰᠡᠨ ᠴᠠᠭ᠄
2022/11/17
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠤᠱᠯᠠᠭᠤᠯᠵᠤ᠂ ᠤᠬᠠᠭᠤᠯᠬᠤ ᠶᠢᠨ ᠲᠥᠯᠥᠭᠡ᠂ 11 ᠰᠠᠷ᠎ᠠ ᠶᠢᠨ 17  ᠤ  ᠡᠳᠦᠷ ᠲᠠᠶᠢᠹᠤᠰᠧ ᠬᠤᠰᠢᠭᠤᠨ ᠤ ᠤᠯᠠᠭᠠᠨᠮᠥ᠋ᠴᠢᠷ ᠤᠨ  ᠬᠢᠨ  ᠯᠦᠸᠧ ᠲᠦᠸᠧ ᠱᠠᠨ ᠪᠠᠯᠭᠠᠰᠤᠨ ᠤ ᠵᠦᠩ ᠾᠧ ᠲᠣᠰᠬᠤᠨ᠂  ᠾᠸᠢ ᠴᠢᠦᠢ ᠱᠠᠨ ᠲᠣᠰᠬᠤᠨ ᠳᠤ ᠬᠦᠨᠵᠡᠬᠡᠶᠢᠷᠡᠵᠦ᠂ ︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ  ᠪᠠᠶᠢᠭᠤᠯᠤᠶ᠎ᠠ︾ ᠬᠡᠮᠡᠬᠦ ᠭᠤᠤᠯ ᠰᠡᠳᠦᠪ ᠪᠦᠬᠦᠢ ᠤᠷᠠᠨ ᠰᠠᠶᠢᠬᠠᠨ ᠤ ᠲᠣᠭᠯᠠᠯᠲᠠ ᠭᠠᠷᠭᠠᠵᠠᠢ᠃ ᠤᠯᠠᠭᠠᠨᠮᠥ᠋ᠴᠢᠷ ᠤᠨ ᠲᠣᠭᠯᠠᠭᠴᠢᠳ ᠭᠤᠴᠣᠯᠠᠯ ᠳᠠᠭᠤᠤ᠂ ᠮᠣᠷᠢᠨ ᠬᠤᠭᠤᠷ᠂ ᠪᠥᠵᠢᠭ᠂ ᠬᠦᠮᠠᠢ ᠵᠡᠷᠭᠡ ᠤᠷᠠᠨ ᠭᠤᠴᠤ ᠲᠣᠭᠯᠠᠯᠲᠠ ᠶᠢ ᠭᠠᠷᠭᠠᠵᠤ ᠠᠷᠠᠳ ᠤᠯᠠᠨ ᠳᠤ  ᠰᠤᠨᠢᠷᠬᠠᠭᠤᠯᠬᠤ ᠶᠢᠨ ᠬᠠᠮᠳᠤ  ᠂  ᠵᠠᠪᠰᠠᠷ ᠲᠤᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠬᠠᠢ ᠮᠡᠳᠡᠯᠭᠡ ᠶᠢᠨ ᠠᠰᠠᠭᠤᠯᠳᠠ ᠶᠢ ᠠᠰᠠᠭᠤᠵᠤ᠂  ᠮᠠᠰᠢ ᠤᠯᠠᠨ ᠲᠠᠷᠢᠶᠠᠴᠢᠳ ᠢᠳᠡᠪᠬᠢᠲᠡᠢ ᠪᠠᠷ  ᠪᠤᠯᠢᠶᠠᠯᠳᠤᠨ ᠬᠠᠷᠢᠭᠤᠯᠵᠠᠭᠠᠵᠤ ᠪᠠᠶᠢᠯ᠎ᠠ᠃  ᠡᠨᠡ  ᠤᠳᠠᠭᠠᠨ ᠤ ᠲᠤᠭᠯᠠᠯᠳᠠ ᠨᠢ ᠪᠥᠵᠢᠭ ᠤᠨ ᠲᠠᠶᠢᠰᠠ ᠦᠬᠡᠢ᠂ ᠳ᠋ᠧᠩ ᠤᠨ ᠭᠡᠷᠡᠯ ᠦᠭᠡᠢ ᠪᠠᠶᠢᠳᠠᠯ᠎ᠠ ᠪᠠᠨ ᠲᠣᠭᠯᠠᠭᠴᠢᠳ ᠤᠯᠠᠨ ᠲᠦᠮᠡᠨ ᠤ ᠳᠤᠮᠳᠠ ᠣᠷᠣᠵᠤ᠂  ᠤᠯᠠᠨ ᠲᠦᠮᠡᠨ ᠲᠠᠢ ᠬᠠᠮᠳᠤ ᠲᠤᠭᠯᠠᠭᠰᠠᠨ ᠢᠶᠠᠷ ᠢᠶᠠᠨ ᠠᠷᠠᠳ ᠢᠷᠭᠡᠳ ᠤᠨ ᠪᠠᠭ᠋ᠠᠷᠬᠠᠯ ᠢ ᠲᠠᠳᠠᠵᠤ᠂ ᠬᠠᠯᠠᠭᠤᠨ ᠠᠯᠠᠭ᠎ᠠ ᠲᠡᠰᠢᠯᠲᠡ ᠲᠠᠰᠤᠷᠠᠬᠤ ᠦᠬᠡᠢ ᠪᠠᠶᠢᠪᠠ᠃  ᠬᠤᠰᠢᠭᠤ ᠤᠯᠠᠭᠠᠨᠮᠥ᠋ᠴᠢᠷ ᠤᠨ ᠬᠢᠨ ᠡᠨᠡᠬᠦ ᠠᠵᠢᠯᠯᠠᠭ᠎ᠠ ᠪᠠᠷ ᠲᠠᠮᠵᠢᠭᠤᠯᠤᠨ᠂  ᠲᠤᠰᠬᠤᠨ ᠤ ᠠᠷᠠᠳ ᠤᠨ ᠣᠶᠣᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠷᠠᠳ ᠢᠷᠭᠡᠳ ᠤᠨ ᠤᠯᠤᠰ ᠢᠶᠠᠨ ᠬᠠᠶᠢᠷᠠᠯᠠᠬᠤ ᠤᠷᠮ᠎ᠠ ᠰᠡᠳᠬᠢᠯᠭᠡ ᠶᠢ ᠬᠦᠭᠵᠢᠭᠡᠭᠡᠳ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号