ᠲᠠᠶᠢᠹᠤᠰᠧ ᠬᠤᠰᠢᠭᠤ ᠬᠢᠨᠠᠨ ᠪᠤᠳᠤᠬᠤ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/11/19
    11 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤ ᠬᠢᠨᠠᠨ ᠪᠤᠳᠤᠬᠤ ᠠᠵᠢᠯ ᠤᠨ ᠪᠣᠯᠪᠠᠰᠤᠷᠠᠯ ᠤᠨ ᠬᠤᠷᠠᠯ ᠬᠢᠵᠦ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠡᠳ᠋ ᠤᠨ ᠵᠠᠰᠠᠭ ᠤᠨ ᠠᠵᠢᠯ ᠤᠨ ︽ᠲᠣᠭᠲᠠᠭᠤᠨ ᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠨ ᠦᠨᠳᠦᠰᠦᠨ ᠵᠦᠢᠯ ᠢ ᠪᠠᠲᠤᠯᠠᠬᠤ︾ ᠰᠤᠷᠲᠠᠯ ᠢ ᠲᠤᠪᠤᠶᠢᠯᠭᠠᠨ᠂ ᠡᠳ᠋ ᠤᠨ ᠵᠠᠰᠠᠭ ᠤᠨ ᠪᠡᠯᠡ ᠮᠥᠩᠭᠦᠨ ᠤ ᠲᠦᠭᠰᠢᠭᠦᠷᠢ ᠶᠢ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂  ᠰᠠᠭᠤᠷᠢ ᠲᠤᠭ᠎ᠠ ᠶᠢ ᠲᠣᠳᠣᠷᠬᠠᠢ ᠤᠶᠢᠯᠠᠭᠠᠨ᠂ ᠰᠢᠯᠲᠠᠭᠠᠨ ᠢ ᠣᠨᠣᠪᠴᠢᠲᠠᠢ ᠡᠷᠢᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢ ᠪᠠᠳᠤᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂  ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠠᠩ ᠴᠢᠩᠭ᠎ᠠ ᠲᠤᠯᠭᠠᠮ᠎ᠠ ᠰᠡᠳᠬᠢᠯᠭᠡ ᠪᠠᠷ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠯᠠᠨ᠂ ᠳᠦᠷᠢᠮ ᠤᠨ ᠤᠯᠠᠭᠠᠨ ᠱᠤᠭᠤᠮ ᠠᠴᠠ ᠳᠠᠪᠠᠭ᠋ᠤ ᠦᠭᠡᠢ᠂ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ  ᠢ ᠬᠦᠨᠳᠡᠬᠦ ᠦᠬᠡᠢ ᠪᠠᠶᠢᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠢᠨᠠᠨ ᠪᠤᠳᠤᠬᠤ  ᠲᠤᠪᠴᠢᠶᠠᠨ ᠤ ᠭᠤᠣᠯ ᠬᠠᠷᠢᠭᠤᠴᠠᠯᠭᠠᠲᠠᠨ  ᠠᠴᠠ 2021᠂ 2022 ᠣᠨ ᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ  ᠤᠶᠠᠯᠳᠤᠭᠤᠯᠵᠤ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃ ᠯᠢ ᠵᠠᠨ ᠪᠦᠦ᠂ ᠮᠠ ᠵᠥᠩ ᠰᠢᠶᠦ᠋ᠨ ᠵᠢᠴᠢ ᠡᠯ᠎ᠡ ᠰᠤᠮᠤ ᠰᠢᠶᠠᠩ ᠪᠠᠯᠭᠠᠰᠤ᠂   ᠬᠠᠮᠢᠶ᠎ᠠ ᠪᠦᠬᠦᠢ ᠰᠠᠯᠠᠭ᠎ᠠ ᠮᠥᠴᠢᠷ᠂  ᠠᠵᠢᠯ ᠦᠢᠯᠡᠰ ᠤᠨ ᠨᠢᠬᠡᠴᠡ  ᠂ ᠣᠯᠠᠨ ᠲᠦᠮᠡᠨᠴᠢ ᠪᠦᠯᠬᠦᠮ ᠤᠨ ᠭᠤᠣᠯ ᠬᠠᠷᠢᠭᠤᠴᠠᠯᠭᠠᠲᠠᠨ  ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号