ᠵᠣᠣ ᠹᠧᠢ ᠫᠧᠩ ᠮᠠᠯᠵᠢᠬᠤ ᠲᠠᠷᠢᠶᠠᠯᠠᠬᠤ ᠣᠷᠣᠨ ᠤ ᠵᠣᠷᠯᠣᠩ  ᠤᠨ ᠦᠬᠡᠷᠡᠴᠢᠯᠡᠯᠳᠡ ᠶᠢᠨ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2022/11/19
11 ᠰᠠᠷ᠎ᠠ ᠶᠢᠨ 17 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠪᠠᠶᠢᠴᠠᠭᠠᠬᠤ ᠪᠦᠯᠬᠦᠮ ᠲᠠᠭᠠᠭᠤᠯᠵᠤ ᠶᠦᠩ ᠹᠧᠩ ᠪᠠᠯᠭᠠᠰᠤᠨ ᠤ ᠴᠧ ᠳ᠋ᠣᠣ ᠭᠧᠦ ᠲᠣᠰᠬᠤᠨ᠂ ᠴᠢᠶᠠᠨ ᠶᠢᠨ ᠭᠧᠦ ᠪᠠᠯᠭᠠᠰᠤᠨ ᠤ ᠵᠢᠦ ᠶᠢᠩ ᠫᠠᠨ ᠲᠣᠰᠬᠤᠨ᠂  ᠬᠦᠨᠪᠤᠯᠠᠭ ᠰᠤᠮᠤᠨ ᠤ ᠪᠤᠷᠤᠬᠤᠳᠠ ᠭᠠᠴᠠᠭ᠎ᠠ᠂  ᠪᠤᠤᠴᠠᠩ ᠪᠠᠯᠭᠠᠰᠤᠨ ᠤ ᠬᠤᠩ ᠱᠧᠩ ᠲᠣᠰᠬᠤᠨ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠶᠢᠨ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ  ᠬᠢᠵᠡᠢ᠃ ᠵᠣᠣ ᠹᠧᠢ ᠫᠧᠩ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠪᠣᠯ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ  ᠲᠤᠭᠤᠷᠢᠨ ᠤ ᠵᠠᠰᠠᠯᠳᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠳᠠ ᠶᠢᠨ ᠴᠢᠬᠤᠯᠠ ᠨᠢᠭᠡ ᠭᠤᠭᠴᠤᠭ᠎ᠠ ᠪᠤᠯᠤᠨ᠎ᠠ᠃  ᠪᠢᠳᠡ ᠡᠷᠭᠡᠪᠰᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠶᠢᠨ ᠬᠠᠮᠳᠤ ᠳᠡᠭᠡᠭᠰᠢᠯᠡᠭᠦᠯᠵᠦ᠂  ᠡᠷᠦᠬᠡ ᠶᠢᠨ ᠵᠣᠷᠯᠣᠩ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠬᠡᠪ ᠢᠶᠠᠷ ᠠᠵᠢᠯᠯᠠᠬᠤ  ᠪᠠ ᠣᠷᠳᠣ ᠬᠤᠭᠤᠴᠠᠭ᠎ᠠ ᠪᠠᠷ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠨᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠴᠠᠭ᠎ᠠ ᠲᠣᠰᠬᠤᠨ ᠢᠶᠠᠷ ᠭᠤᠣᠯ ᠴᠣᠭᠴᠠ ᠪᠣᠯᠭᠠᠭᠰᠠᠨ ᠡᠷᠦᠬᠡ ᠶᠢᠨ ᠵᠣᠷᠯᠣᠩ ᠤᠨ ᠬᠠᠮᠢᠶᠠᠷᠤᠯᠳᠠ ᠶᠢᠨ ᠲᠣᠭᠲᠠᠴᠠ ᠶᠢ ᠢᠳᠡᠪᠬᠢᠲᠡᠢ ᠪᠠᠶᠢᠭᠤᠯᠤᠨ᠂  ᠲᠥᠷᠥᠯ ᠵᠦᠢᠯ ᠤᠨ ᠦᠷᠭᠦᠯᠵᠢᠯᠡᠨ ᠡᠷᠡᠭᠦᠯ ᠢᠶᠠᠷ ᠠᠵᠢᠯᠯᠠᠬᠤ ᠶᠢ ᠪᠠᠲᠤᠯᠠᠵᠤ᠂ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ  ᠃ ᠸᠠᠩ ᠸᠧᠢ ᠬᠤᠩ᠂ ᠵᠤᠤ ᠬᠠᠢ ᠯᠢ᠂ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号