11 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ | 2022 ᠣᠨ ᠤ 15 ᠳ᠋ᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠵᠢᠴᠢ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠬᠤᠷᠠᠯ ᠬᠢᠵᠦ᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ | ᠰᠤᠷᠤᠯᠴᠠᠬᠤ ᠬᠥᠲᠥᠯᠪᠦᠷᠢ︾ ᠶᠢᠨ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ | ᠶᠠᠷᠢᠯᠴᠠᠭᠰᠠᠨ ᠪᠠᠶᠢᠨ᠎ᠠ᠃ ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ | ᠪᠣᠯ ᠮᠠᠨ ᠤ ᠨᠠᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ ᠴᠥᠬᠦᠷᠡᠰᠢ ᠦᠭᠡᠢ ᠬᠠᠶᠢᠭᠰᠠᠨ | ᠤᠨᠤᠯ ᠤᠨ ᠳᠡᠭᠡᠭᠰᠢᠯᠡᠯᠲᠡ ᠪᠠ ᠦᠢᠯᠡᠳᠦᠯᠭᠡ ᠶᠢᠨ ᠤᠬᠢ ᠲᠠᠯᠠᠰ ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ | ᠪᠤᠯᠤᠨ᠎ᠠ᠃ ᠡᠷᠭᠡᠪᠰᠢ ᠤᠨᠤᠯ ᠤᠨ ᠰᠤᠳᠤᠯᠭᠠᠨ ᠢ ᠴᠢᠩᠭᠠᠳᠬᠠᠵᠤ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭᠠᠨ ᠤ ᠭᠤᠣᠯ ᠪᠤᠯᠬᠤ ᠤᠳᠬ᠎ᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ | ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ᠂ ᠰᠤᠷᠤᠯᠴᠠᠯᠭ᠎ᠠ ᠶᠢᠨ | ᠦᠷ᠎ᠡ ᠪᠦᠲᠦᠮᠵᠢ ᠶᠢ ᠦᠨᠡᠨᠬᠦ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠤᠷᠤᠰᠢᠭᠰᠠᠨ ᠦᠵᠡᠰᠬᠦᠯᠡᠩᠲᠦ | ᠰᠠᠶᠢᠬᠠᠨ ᠲᠠᠶᠢᠹᠤᠰᠧ ᠬᠤᠰᠢᠭᠤ ᠶᠢ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠬᠤᠰᠢᠭᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠭᠡᠰᠢᠬᠦᠳ᠂ ᠳᠥᠷᠪᠡᠨ ᠶᠡᠭᠡ | ᠪᠠᠭ ᠤᠨ ᠠᠯᠪᠠᠨ ᠭᠡᠷ ᠤᠨ ᠡᠷᠬᠢᠯᠡᠭᠴᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠨᠠᠷᠢᠨ ᠪᠢᠴᠢᠭᠡᠴᠢ ᠨᠠᠷ | ᠬᠤᠷᠠᠯ ᠳᠤ ᠣᠷᠣᠯᠴᠠᠵᠠᠢ᠃ |